蒙古文网站Logo
ᠰᠢᠨᠬᠤᠸᠠ ᠮᠤᠩᠭ᠋ᠤᠯ ᠨᠧᠲ

ᠹᠦᠵᠢᠶᠠᠨ ᠮᠤᠵᠢ ᠶᠢᠨ ᠤᠤᠯ ᠤᠨ ᠳᠡᠳ᠋ ᠮᠤᠵᠢ ᠶᠢᠨ ᠳᠠᠷᠤᠭ᠎ᠠ ᠰᠢᠤᠢ ᠭᠠᠩ ᠬᠡᠬᠡᠯᠢ ᠬᠠᠬᠤᠯᠢ ᠢᠳᠡᠭᠰᠡᠨ ᠢᠶᠡᠷ ᠵᠠᠭᠠᠯᠳᠤᠭᠳᠠᠪᠠ

2016-09-22 16:56

    ᠠᠨᠾᠦ᠋ᠢ ᠮᠤᠵᠢ ᠶᠢᠨ ᠾᠧᠹᠧᠢ ᠬᠤᠲᠠ ᠶᠢᠨ ᠳᠤᠮᠳᠠᠳᠤ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠠᠯᠪᠠᠨ ᠤ ᠪᠦᠷᠭᠡ ᠶᠢᠨ ᠮᠡᠳᠡᠭᠡ ᠶᠢ ᠦᠨᠳᠦᠰᠦᠯᠡᠪᠡᠯ᠂ ᠾᠧᠹᠧᠢ ᠬᠤᠲᠠ ᠶᠢᠨ ᠳᠤᠮᠳᠠᠳᠤ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ 22 ᠤᠨ ᠡᠳᠦᠷ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠤ ᠤᠤᠯ ᠤᠨ ᠳᠡᠳ᠋ ᠮᠤᠵᠢ ᠶᠢᠨ ᠳᠠᠷᠤᠭ᠎ᠠ ᠰᠢᠤᠢ ᠭᠠᠩ ᠤᠨ ᠬᠡᠬᠡᠯᠢ ᠬᠠᠬᠤᠯᠢ ᠢᠳᠡᠭᠰᠡᠨ ᠬᠡᠷᠡᠭ ᠲᠥ ᠢᠯᠡ ᠪᠡᠷ ᠰᠢᠭᠦᠨ ᠳᠠᠰᠤᠯᠤᠯᠲᠠ ᠬᠢᠵᠠᠢ᠃ ᠰᠢᠤᠢ ᠭᠠᠩ 1977 ᠲᠥᠮᠡᠨ ᠲᠥᠭᠦᠷᠢᠭ᠌ ᠤᠨ ᠬᠡᠭᠡᠯᠢ ᠢᠳᠡᠭᠰᠡᠨ ᠬᠡᠮᠡᠨ ᠵᠠᠭᠠᠯᠳᠤᠭᠳᠠᠵᠦ᠂ ᠲᠡᠷᠡ ᠳᠤᠤᠷ᠎ᠠ ᠨᠢ ᠶᠠᠯ᠎ᠠ ᠪᠡᠨ ᠮᠡᠳᠡᠷᠡᠵᠦ᠂ ᠭᠡᠮᠰᠢᠵᠦ ᠪᠠᠶᠢᠭ᠎ᠠ ᠪᠡᠨ ᠢᠯᠡᠷᠬᠡᠶᠢᠯᠡᠪᠡ᠃

    ᠠᠨᠾᠦ᠋ᠢ ᠮᠤᠵᠢ ᠶᠢᠨ ᠾᠧᠹᠧᠢ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠵᠠᠭᠠᠯᠳᠤᠭᠰᠡᠨ ᠢᠶᠡᠷ᠂ 2002 ᠤᠨ ᠡᠴᠡ 2013 ᠤᠨ ᠪᠤᠯᠲᠠᠯ᠎ᠠ ᠵᠠᠭᠠᠯᠳᠤᠭᠳᠠᠭᠴᠢ ᠰᠢᠤᠢ ᠭᠠᠩ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠤ ᠳᠡᠳ᠋ ᠨᠠᠷᠢᠨ ᠪᠢᠴᠢᠭ᠌ ᠤᠨ ᠳᠠᠷᠤᠭ᠎ᠠ᠂ ᠹᠦᠵᠢᠶᠠᠨ ᠮᠤᠵᠢ ᠶᠢᠨ ᠵᠠᠮ ᠬᠠᠷᠢᠯᠴᠠᠭᠠᠨ ᠤ ᠲᠢᠩᠬᠢᠮ ᠤᠨ ᠳᠠᠷᠤᠭ᠎ᠠ᠂ ᠴᠢᠤᠧᠠᠨᠵᠧᠤ ᠬᠤᠲᠠ ᠶᠢᠨ ᠨᠠᠮ ᠤᠨ ᠡᠭᠦᠷ ᠤᠨ ᠱᠦᠵᠢ ᠵᠡᠷᠭᠡ ᠲᠤᠰᠢᠶᠠᠯ ᠢ ᠬᠠᠷᠢᠭᠤᠴᠠᠵᠤ ᠪᠠᠶᠢᠬᠤ ᠬᠤᠭᠤᠴᠠᠭᠠᠨ ᠳ᠋ᠤ ᠪᠡᠨ ᠡᠷᠬᠡ ᠪᠡᠨ ᠠᠰᠢᠭᠯᠠᠨ ᠹᠦᠵᠢᠶᠠᠨ ᠮᠤᠵᠢ ᠶᠢᠨ ᠰᠢᠨ ᠾᠧᠩ ᠵᠢᠢ ᠪᠡᠯᠡ ᠤᠷᠤᠭᠤᠯᠤᠯᠲᠠ ᠶᠢᠨ ᠬᠢᠵᠠᠭᠠᠷᠲᠦ ᠺᠤᠮᠫᠠᠨᠢ ᠶᠢ ᠪᠠᠭᠳᠠᠭᠠᠭᠰᠠᠨ 16 ᠪᠠᠶᠢᠭᠤᠯᠭ᠎ᠠ ᠪᠤᠯᠤᠨ ᠬᠤᠪᠢ ᠬᠦᠮᠦᠨ ᠳᠤ ᠺᠤᠮᠫᠠᠨᠢ ᠡᠷᠬᠢᠯᠡᠬᠦ᠂ ᠵᠡᠷᠬᠡ ᠲᠤᠰᠢᠶᠠᠯ ᠳᠡᠪᠰᠢᠬᠦ᠂ ᠠᠵᠢᠯ ᠰᠢᠯᠵᠢᠬᠦ᠂ ᠪᠠᠩᠬᠢ ᠶᠢᠨ ᠬᠠᠳᠠᠭᠠᠯᠠᠯᠲᠠ ᠵᠡᠷᠭᠡ ᠲᠠᠯ᠎ᠠ ᠪᠡᠷ ᠬᠠᠪᠰᠤᠷᠤᠮᠵᠢ ᠦᠵᠡᠭᠦᠯᠵᠦ᠂ 2005 ᠤᠨ ᠡᠴᠡ 2014 ᠤᠨ ᠪᠤᠯᠲᠠᠯ᠎ᠠ ᠰᠢᠭᠤᠳ ᠪᠤᠶᠤ ᠡᠬᠡᠨᠠᠷ ᠢᠤᠢ ᠨᠠ ᠵᠡᠷᠭᠡ ᠬᠦᠮᠦᠰ ᠢᠶᠡᠷ ᠳᠠᠮᠵᠢᠨ ᠬᠠᠤᠯᠢ ᠪᠤᠰᠤ ᠪᠡᠷ ᠠᠯᠪᠠᠨ ᠪᠠᠶᠢᠭᠤᠯᠭ᠎ᠠ ᠪᠤᠶᠤ ᠬᠤᠪᠢ ᠬᠦᠮᠦᠨ ᠤ ᠭᠤᠪᠢᠭᠤᠯᠤᠭᠰᠡᠨ ᠡᠳ᠋ ᠮᠥᠩᠭᠦ ᠶᠢ ᠬᠤᠷᠢᠶᠠᠨ ᠠᠪᠴᠦ᠂ ᠡᠨᠡ ᠨᠢ ᠠᠷᠠᠳ ᠤᠨ ᠵᠤᠭᠤᠰ ᠢᠶᠡᠷ ᠪᠤᠳᠤᠪᠡᠯ 1977 ᠲᠥᠮᠡᠨ ᠲᠥᠭᠦᠷᠢᠭ᠌ ᠲᠥ ᠬᠦᠷᠴᠠᠢ᠃

    ᠰᠢᠭᠦᠯᠲᠠ ᠪᠡᠷ᠂ ᠠᠯᠪᠠᠨ ᠤ ᠵᠠᠭᠠᠯᠳᠤᠭᠴᠢ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠭᠠᠷᠭᠠᠵᠦ᠂ ᠰᠢᠤᠢ ᠭᠠᠩ ᠵᠢᠴᠢ ᠥᠮᠦᠭᠯᠡᠭᠴᠢ ᠭᠡᠷᠡᠴᠢ ᠶᠢ ᠲᠤᠯᠭᠠᠨ᠂ ᠬᠤᠶᠠᠷ ᠲᠠᠯ᠎ᠠ ᠪᠡᠷ ᠢᠶᠡᠨ ᠮᠠᠷᠭᠤᠵᠦ᠂ ᠰᠢᠭᠦᠬᠦ ᠲᠢᠩᠬᠢᠮ ᠤᠨ ᠬᠦᠲᠦᠯᠦᠭᠴᠢ ᠶᠢᠨ ᠡᠮᠦᠨ᠎ᠡ ᠥᠪᠡᠷ ᠥᠪᠡᠷ ᠤᠨ ᠰᠠᠨᠠᠯ ᠢᠶᠡᠨ ᠢᠯᠡᠳᠭᠡᠭ᠍ᠰᠡᠨ ᠪᠠᠶᠢᠨ᠎ᠠ᠃ ᠰᠢᠤᠢ ᠭᠠᠩ ᠪᠠᠰᠠ ᠬᠠᠮᠤᠭ ᠡᠴᠦᠰ ᠤᠨ ᠲᠤᠭᠠᠴᠢᠯᠲᠠ ᠬᠢᠵᠦ᠂ ᠥᠪᠡᠷ ᠤᠨ ᠶᠠᠯ᠎ᠠ ᠪᠡᠨ ᠮᠡᠳᠡᠷᠡᠵᠦ᠂ ᠨᠢᠭᠦᠯ ᠳ᠋ᠡᠭᠡᠨ ᠭᠡᠮᠰᠢᠵᠦ ᠪᠠᠶᠢᠭ᠎ᠠ ᠪᠡᠨ ᠢᠯᠡᠷᠬᠡᠶᠢᠯᠡᠪᠡ᠃ ᠪᠦᠬᠦ ᠤᠯᠤᠰ ᠪᠠ ᠠᠨᠾᠦ᠋ᠢ ᠮᠤᠵᠢ ᠶᠢᠨ ᠬᠤᠶᠠᠷ ᠳᠡᠰ ᠤᠨ ᠠᠷᠠᠳ ᠤᠨ ᠶᠡᠬᠡ ᠬᠤᠷᠠᠯ ᠤᠨ ᠲᠥᠯᠦᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠬᠡᠰᠢᠭᠦᠨ᠂ ᠰᠤᠷᠪᠤᠯᠵᠢᠯᠠᠭᠴᠢ ᠵᠢᠴᠢ ᠨᠡᠶᠢᠭᠡᠮ ᠤᠨ ᠡᠯ᠎ᠠ ᠳᠠᠪᠬᠤᠷᠭᠠᠲᠠᠨ 50 ᠭᠠᠷᠤᠢ ᠬᠦᠮᠦᠰ ᠰᠢᠭᠦᠯᠲᠠ ᠶᠢ ᠰᠤᠨᠤᠰᠤᠭᠰᠡᠨ ᠪᠠᠶᠢᠨ᠎ᠠ᠃ ᠰᠢᠭᠦᠯᠲᠠ ᠪᠠᠷᠠᠭᠰᠡᠨ ᠤ ᠳᠠᠷᠠᠭ᠎ᠠ ᠰᠢᠭᠦᠬᠦ ᠲᠢᠩᠬᠢᠮ ᠡᠴᠡ ᠰᠢᠭᠦᠯᠲᠠ ᠵᠤᠭᠰᠤᠬᠤ ᠶᠢ ᠵᠠᠷᠯᠠᠵᠦ᠂ ᠡᠳᠦᠷ ᠰᠤᠩᠭ᠋ᠤᠵᠦ ᠰᠢᠭᠦᠨ ᠳᠠᠰᠤᠯᠤᠯᠲᠠ ᠶᠢ ᠵᠠᠷᠯᠠᠨ᠎ᠠ ᠭᠡᠵᠠᠢ᠃(ᠳᠠᠳᠤᠯᠭ᠎ᠠ ᠶᠢᠨ ᠰᠤᠷᠤᠭᠴᠢ ᠰᠢᠭᠤᠷᠭᠠᠨ ᠤᠷᠴᠢᠭᠤᠯᠵᠦ ᠨᠠᠶᠢᠷᠠᠭᠤᠯᠪᠠ)

ᠵᠠᠭᠠᠯᠳᠤᠭᠳᠠᠭᠴᠢ ᠰᠢᠤᠢ ᠭᠠᠩ ᠰᠢᠭᠦᠯᠲᠠ ᠳᠤᠮᠳᠠ

ᠰᠢᠭᠦᠯᠲᠠ ᠶᠢᠨ ᠠᠬᠤᠢ ᠲᠠᠯᠠᠪᠠᠢ

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119608040