蒙古文网站Logo
ᠰᠢᠨᠬᠤᠸᠠ ᠮᠤᠩᠭ᠋ᠤᠯ ᠨᠧᠲ

ᠮᠠᠰᠢᠨ ᠤ ᠵᠤᠭᠰᠤᠭᠠᠯ ᠳᠤ ᠭᠤᠷᠪᠠᠨ ᠬᠡᠤᠬᠡᠳ ᠳᠠᠭᠠᠷᠢᠭᠰᠠᠨ ᠪᠢᠴᠢᠯᠬᠡ ᠢᠯᠡ ᠰᠠᠴᠤᠭᠳᠠᠵᠠᠢ

2016-09-23 16:09

 

    ᠤᠶᠢᠷ᠎ᠠ ᠶᠢᠨ ᠡᠳᠦᠷ ᠱᠧᠨ᠋ᠵᠧᠨ ᠬᠤᠳᠠ ᠶᠢᠨ ᠨᠢᠬᠡᠨ ᠮᠠᠰᠢᠨ ᠤ ᠵᠤᠭᠰᠤᠭᠠᠯ ᠳᠤ ᠨᠢᠬᠡ ᠡᠮᠡᠭᠳᠡᠢ ᠵᠢᠯᠤᠭᠤᠴᠢ ᠭᠤᠷᠪᠠᠨ ᠬᠡᠤᠬᠡᠳ ᠳᠠᠭᠠᠷᠢᠭᠰᠠᠨ ᠬᠡᠷᠡᠭ ᠭᠠᠷᠴᠠᠢ᠃ ᠤᠳᠠᠯ ᠦᠬᠡᠢ᠂ ᠵᠤᠭᠰᠤᠭᠠᠯ ᠤᠨ ᠬᠢᠨᠠᠯᠳᠠ ᠶᠢᠨ ᠪᠢᠴᠢᠯᠬᠡ ᠢᠨᠲ᠋ᠧᠷᠨᠧᠲ ᠢᠶᠡᠷ ᠢᠯᠡ ᠰᠠᠴᠤᠭᠳᠠᠭᠰᠠᠨ ᠪᠠᠶᠢᠨ᠎ᠠ᠃ ᠪᠢᠴᠢᠯᠬᠡ ᠡᠴᠡ ᠬᠠᠷᠠᠬᠤ ᠳᠤ᠂ ᠨᠢᠬᠡᠨ ᠴᠠᠭᠠᠨ ᠮᠠᠰᠢᠨ ᠵᠤᠭᠰᠤᠭᠠᠯ ᠤᠷᠤᠭᠤ ᠪᠠᠷᠠᠭᠤᠨ ᠭᠠᠷ ᠳᠡᠰᠢ ᠪᠡᠨ ᠡᠷᠬᠢᠵᠤ ᠤᠷᠤᠬᠤ ᠳᠤ ᠪᠡᠨ ᠭᠠᠵᠠᠷ ᠳᠡᠬᠡᠷ᠎ᠡ ᠰᠠᠭᠤᠭᠠᠳ ᠨᠠᠭᠠᠳᠴᠤ ᠪᠠᠶᠢᠭᠰᠠᠨ ᠭᠤᠷᠪᠠᠨ ᠬᠡᠤᠬᠡᠳ ᠢ ᠳᠠᠭᠠᠷᠢᠵᠠᠢ᠃

    ᠤᠶᠢᠯᠠᠭᠠᠭᠰᠠᠨ ᠢᠶᠡᠷ᠂ ᠳᠤᠰ ᠬᠡᠷᠡᠭ ᠨᠢ 9 ᠰᠠᠷ᠎ᠠ ᠶᠢᠨ 17 ᠤ ᠡᠳᠦᠷ ᠤᠨ 14᠄51 ᠴᠠᠭ ᠲᠤ ᠡᠬᠦᠰᠴᠠᠢ᠃ ᠬᠡᠤᠬᠡᠳ ᠤᠳ ᠤᠨ ᠶᠠᠰᠤ ᠬᠦᠨᠳᠦ ᠪᠡᠷᠳᠡᠭᠰᠡᠨ ᠪᠤᠯᠪᠠᠴᠤ ᠵᠤᠯ ᠢᠶᠡᠷ ᠡᠨᠳᠡᠭᠰᠡᠨ ᠦᠬᠡᠢ᠂ ᠬᠡᠷ ᠤᠨ ᠠᠬᠠᠮᠠᠳ ᠤᠨ ᠬᠡᠯᠡᠬᠦ ᠪᠡᠷ ᠬᠡᠷᠡᠭ ᠲᠤ ᠬᠤᠯᠪᠤᠭᠳᠠᠭᠰᠠᠨ ᠡᠮᠡᠭᠳᠡᠢ ᠵᠢᠯᠤᠭᠤᠴᠢ ᠳᠤᠬᠠᠢ ᠶᠢᠨ ᠦᠶ᠎ᠡ ᠳᠤ ᠭᠠᠷ ᠤᠳᠠᠰᠤ ᠦᠵᠡᠵᠤ ᠪᠠᠶᠢᠭᠰᠠᠨ ᠬᠡᠳᠡᠭ ᠪᠤᠯᠪᠠᠴᠤ ᠤᠳᠤᠬᠠᠨ ᠳᠤ ᠪᠤᠳᠠᠳᠠᠢ ᠬᠡᠷᠡᠴᠢ ᠪᠠᠷᠢᠮᠳᠠ ᠦᠬᠡᠢ ᠪᠠᠶᠢᠨ᠎ᠠ᠃ ᠵᠢᠯᠤᠭᠤᠴᠢ ᠶᠢᠨ ᠬᠡᠷ ᠪᠦᠯᠢ ᠶᠢᠨ ᠬᠢᠨ ᠰᠢᠷᠬᠠᠳᠤᠭᠰᠠᠳ ᠢ ᠡᠮᠨᠡᠯᠬᠡ ᠳᠤ ᠬᠦᠷᠴᠤ ᠳᠤᠬᠤᠨᠢᠭᠤᠯᠵᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119614651