蒙古文网站Logo
ᠰᠢᠨᠬᠤᠸᠠ ᠮᠤᠩᠭ᠋ᠤᠯ ᠨᠧᠲ

ᠴᠢᠨ ᠢ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠳᠤᠮᠢᠯᠠᠭᠳᠠᠪᠠ

2016-09-27 17:15

ᠴᠢᠨ ᠢ

    ᠳᠤᠮᠳᠠᠳᠤ ᠤᠯᠤᠰ ᠤᠨ ᠡᠪ ᠬᠠᠮᠳᠤ ᠨᠠᠮ ᠤᠨ ᠰᠤᠨᠢᠨ ᠮᠡᠳᠡᠬᠡᠨ ᠤ ᠨᠧᠲ ᠤᠨ ᠪᠡᠬᠡᠵᠢᠩ ᠤᠨ 9 ᠰᠠᠷ᠎ᠠ ᠶᠢᠨ 27 ᠤ ᠡᠳᠦᠷ ᠤᠨ ᠮᠡᠳᠡᠬᠡ ᠶᠢ ᠦᠨᠳᠦᠰᠦᠯᠡᠪᠡᠯ᠂ 26 ᠤ ᠦᠳᠡ ᠶᠢᠨ ᠬᠤᠶᠢᠨ᠎ᠠ ᠦᠪᠦᠷ ᠮᠤᠩᠭᠤᠯ ᠤᠨ ᠬᠦᠯᠦᠨ ᠪᠤᠶᠢᠷ ᠬᠤᠳᠠ ᠪᠦᠬᠦ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠤᠳᠠ ᠶᠢᠨ ᠨᠠᠮ ᠤᠨ ᠬᠤᠷᠢᠶᠠᠨ ᠤ ᠭᠤᠤᠯ ᠳᠠᠷᠤᠭ᠎ᠠ ᠤᠳᠤᠷᠢᠳᠤᠯᠭ᠎ᠠ ᠶᠢᠨ ᠳᠤᠰᠢᠶᠠᠯ ᠳᠤ ᠳᠤᠬᠢᠷᠠᠭᠤᠯᠤᠯᠳᠠ ᠬᠢᠬᠦ ᠳᠤᠭᠳᠠᠭᠠᠯ ᠢ ᠵᠠᠷᠯᠠᠭᠰᠠᠨ ᠪᠠᠶᠢᠨ᠎ᠠ᠃

    ᠳᠤᠭᠳᠠᠭᠠᠯ ᠳᠤ᠂ ᠴᠢᠨ ᠢ ᠨᠦᠬᠦᠷ ᠬᠦᠯᠦᠨ ᠪᠤᠶᠢᠷ ᠬᠤᠳᠠ ᠶᠢᠨ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠱᠦᠵᠢ ᠶᠢᠨ ᠳᠤᠰᠢᠶᠠᠯ ᠢ ᠬᠠᠷᠢᠭᠤᠴᠠᠨ᠎ᠠ; ᠯᠢ ᠱᠢ ᠷᠦᠩ ᠨᠦᠬᠦᠷ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠡᠰᠢᠬᠦᠨ ᠤ ᠳᠤᠰᠢᠶᠠᠯ ᠢ ᠳᠠᠬᠢᠵᠤ ᠬᠠᠷᠢᠭᠤᠴᠠᠬᠤ ᠦᠬᠡᠢ ᠬᠡᠵᠡᠢ᠃

    ᠴᠢᠨ ᠢ ᠨᠦᠬᠦᠷ 1963 ᠤᠨ ᠤ 9 ᠰᠠᠷ᠎ᠠ ᠳᠤ ᠦᠪᠦᠷ ᠮᠤᠩᠭᠤᠯ ᠤᠨ ᠤᠯᠠᠭᠠᠨᠬᠠᠳᠠ ᠬᠤᠳᠠ ᠳᠤ ᠳᠦᠷᠦᠭᠰᠡᠨ᠂ ᠡᠷᠡᠭᠳᠡᠢ᠂ ᠬᠢᠳᠠᠳ ᠦᠨᠳᠦᠰᠦᠳᠡᠨ᠂ ᠦᠪᠦᠷ ᠮᠤᠩᠭᠤᠯ ᠤᠨ ᠡᠳ᠋ ᠤᠨ ᠵᠠᠰᠠᠭ ᠤᠨ ᠳᠡᠬᠡᠳᠦ ᠰᠤᠷᠭᠠᠭᠤᠯᠢ ᠶᠢᠨ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃ 1985 ᠤᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1985 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ ᠦᠪᠦᠷ ᠮᠤᠩᠭᠤᠯ ᠤᠨ ᠬᠡᠰᠢᠭᠳᠡᠨ ᠬᠤᠰᠢᠭᠤᠨ ᠤ ᠪᠦᠷᠢᠨ ᠪᠠᠷᠠᠭ᠎ᠠ ᠺᠤᠮᠫᠠᠨᠢ ᠶᠢᠨ ᠳᠠᠭᠠᠭᠠᠮᠠᠯ᠂ ᠦᠪᠦᠷ ᠮᠤᠩᠭᠤᠯ ᠤᠨ ᠬᠡᠰᠢᠭᠳᠡᠨ ᠬᠤᠰᠢᠭᠤᠨ ᠤ ᠬᠤᠳᠠᠯᠳᠤᠭᠠᠨ ᠤ ᠳᠤᠪᠴᠢᠶᠠᠨ ᠤ ᠳᠤᠪᠴᠢᠶᠠᠨ ᠳᠠᠷᠤᠭ᠎ᠠ᠂ ᠦᠪᠦᠷ ᠮᠤᠩᠭᠤᠯ ᠤᠨ ᠬᠡᠰᠢᠭᠳᠡᠨ ᠬᠤᠰᠢᠭᠤᠨ ᠤ ᠬᠤᠰᠢᠭᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ᠌ ᠤᠨ ᠳᠠᠷᠤᠭ᠎ᠠ᠂ ᠬᠦᠬᠡᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠠ ᠪᠤᠯᠤᠨ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠲᠢᠩᠬᠢᠮ ᠤᠨ ᠨᠠᠮ ᠤᠨ ᠳᠤᠭᠤᠶᠢᠯᠠᠩ ᠤᠨ ᠱᠦᠵᠢ ᠵᠡᠷᠬᠡ ᠠᠯᠪᠠᠨ ᠳᠤᠰᠢᠶᠠᠯ ᠤᠳ ᠢ ᠬᠠᠷᠢᠭᠤᠴᠠᠵᠤ ᠪᠠᠶᠢᠪᠠ᠃

ᠢᠷᠡᠯᠳᠡ᠄ ᠳᠤᠮᠳᠠᠳᠤ ᠤᠯᠤᠰ ᠤᠨ ᠡᠪ ᠬᠠᠮᠳᠤ ᠨᠠᠮ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119634272