蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠦ᠋ ᠰᠢᠶᠤᠤ ᠯᠢᠨ ᠡᠯᠡᠰᠦ ᠶᠢ ᠵᠠᠰᠠᠭᠰᠠᠨ ᠪᠠᠭᠠᠳᠤᠷ ᠰᠦᠭᠡ ᠶᠢ ᠪᠤᠯᠭᠤᠭᠠᠨ ᠦᠵᠡᠵᠠᠢ

2016-09-28 10:59

ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ (ᠪᠠᠷᠠᠭᠤᠨ ᠡᠴᠡ ᠬᠤᠶᠠᠳᠤᠭᠠᠷ)᠂ ᠦᠪᠡᠷᠲᠡᠭᠡᠨ ᠵᠠᠰᠠᠬᠤ ᠤᠷᠤᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ (ᠵᠡᠬᠦᠨ ᠡᠴᠡ ᠬᠤᠶᠠᠳᠤᠭᠠᠷ) ᠰᠦᠬᠡ(ᠪᠠᠷᠠᠭᠤᠨ ᠡᠴᠡ ᠨᠢᠬᠡᠳᠦᠬᠡᠷ) ᠶ᠋ᠢ ᠪᠤᠯᠭᠤᠭᠠᠵᠤ ᠦᠵᠡᠪᠡ (ᠵᠢᠷᠤᠭ ᠢ ᠶᠤᠧᠠᠨ ᠶᠦᠩ ᠬᠤᠩ)

    9 ᠰᠠᠷ᠎ᠠ ᠶᠢᠨ 27 ᠤ ᠡᠳᠦᠷ᠂ ᠦᠪᠦᠷ ᠮᠤᠩᠭᠤᠯ ᠤᠨ ᠠᠯᠠᠱᠠ ᠠᠶᠢᠮᠠᠬ ᠤᠨ ᠡᠵᠡᠨ᠎ᠠ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠵᠦ ᠪᠠᠶᠢᠭᠰᠠᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠯᠡᠰᠦ ᠶᠢ ᠵᠠᠰᠠᠭᠰᠠᠨ ᠪᠠᠭᠠᠳᠤᠷ ᠰᠦᠭᠡ ᠶᠢ ᠳᠤᠳᠤᠨᠤ ᠪᠠᠷ ᠪᠤᠯᠭᠤᠭᠠᠨ ᠦᠵᠡᠵᠦ᠂ ᠤᠷᠤᠨ ᠲᠠᠶᠠᠭᠠᠷ ᠤᠨ ᠨᠠᠮ ᠤᠨ ᠭᠡᠰᠢᠬᠦᠨ ᠺᠠᠳ᠋ᠷ ᠢ ᠰᠦᠭᠡ ᠨᠦᠬᠦᠷ ᠠᠴᠠ ᠲᠠᠭᠠᠨ ᠰᠤᠷᠤᠯᠴᠠᠵᠦ᠂ ᠪᠤᠬᠢᠷᠳᠤᠯ ᠦᠭᠡᠢ ᠬᠦᠭᠵᠢᠯᠳᠠ ᠶᠢᠨ ᠤᠢᠢᠯᠠᠭᠠᠭᠳᠠᠬᠤᠨ ᠢ ᠦᠢᠯᠡᠳᠦᠯᠭᠡᠵᠢᠬᠦᠯᠵᠦ᠂ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠶᠢ ᠴᠤᠭᠴᠠᠯᠠᠰᠤᠭᠠᠢ ᠭᠡᠵᠦ ᠤᠷᠢᠶᠡᠯᠡᠪᠡ᠃

    ᠯᠢ ᠵᠢᠢ ᠾᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠡ ᠶᠢᠨ ᠡᠮᠦᠨ᠎ᠠ ᠠᠴᠠ ᠰᠦᠭᠡ ᠶᠢ ᠲᠤᠬᠤᠨᠢᠭᠤᠯᠬᠤ ᠶᠢᠨ ᠬᠠᠮᠳᠦ ᠡᠷᠬᠢᠮ ᠳᠡᠭᠡᠳᠦ ᠬᠦᠨᠳᠦᠳᠭᠡᠯ ᠲᠡᠪᠰᠢᠬᠦᠯᠵᠦ ᠪᠠᠶᠢᠬᠤ ᠪᠠᠨ ᠢᠯᠡᠳᠭᠡᠪᠡ᠃ ᠲᠡᠷᠡ ᠰᠦᠭᠡ ᠳᠤ᠂ ᠪᠢ ᠲᠠᠨ ᠤ ᠮᠤᠳᠤ ᠵᠠᠶᠢᠯᠠᠨ ᠡᠯᠡᠰᠦ ᠶᠢ ᠵᠠᠰᠠᠭᠰᠠᠨ ᠲᠡᠷᠢᠬᠦᠨ ᠤ ᠦᠢᠯᠡ ᠠᠵᠢᠯᠯᠠᠭ᠎ᠠ ᠶᠢ ᠠᠯᠢ ᠡᠷᠳᠡ ᠰᠤᠨᠤᠰᠴᠠᠢ᠂ ᠨᠢᠭᠡᠨ ᠲᠢᠩᠬᠢᠮ ᠤᠨ ᠲᠡᠰ ᠤᠨ ᠺᠠᠳ᠋ᠷ ᠪᠤᠯᠤᠭᠰᠠᠨ ᠤ ᠬᠤᠪᠢ ᠳᠤ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠠᠮᠤᠷ ᠲᠠᠶᠢᠪᠤᠩ ᠬᠤᠳᠠ ᠶᠢᠨ ᠠᠮᠢᠳᠤᠷᠠᠯ ᠢ ᠲᠠᠶᠠᠭᠳᠠᠵᠦ᠂ ᠦᠨᠳᠦᠰᠦᠨ ᠱᠠᠳᠤᠨ ᠤ ᠤᠯᠠᠨ ᠲᠦᠮᠡᠨ ᠲᠠᠢ ᠬᠠᠮᠳᠤ ᠠᠵᠢᠯᠯᠠᠵᠦ᠂ ᠠᠷᠪᠡᠨ ᠭᠡᠳᠦᠨ ᠵᠢᠯ ᠤᠨ ᠲᠤᠷᠰᠢ ᠮᠤᠳᠤ ᠵᠠᠶᠢᠯᠠᠵᠦ ᠡᠯᠡᠰᠦ ᠶᠢ ᠵᠠᠰᠠᠨ᠂ ᠡᠯᠡᠰᠦᠨ ᠴᠦᠯ ᠳᠤᠮᠳᠠ ᠨᠤᠭᠤᠭᠠᠨ ᠪᠦᠷᠢᠳᠦ ᠶᠢ ᠪᠠᠶᠢᠭᠤᠯᠵᠠᠢ᠂ ᠪᠢ ᠡᠬᠦᠨ ᠳᠤ ᠮᠠᠰᠢ ᠲᠤᠭᠳᠤᠯᠵᠦ᠂ ᠬᠦᠨᠳᠦᠳᠭᠡᠯ ᠲᠡᠪᠰᠢᠬᠦᠯᠵᠦ ᠪᠠᠶᠢᠨ᠎ᠠ᠃ ᠲᠠᠨ ᠤ ᠡᠷᠡᠰ ᠪᠠᠳᠤ ᠬᠠᠳᠠᠨ ᠵᠤᠷᠢᠭ᠂ ᠭᠤᠶᠠᠴᠢ ᠦᠭᠡᠢ ᠵᠢᠳᠬᠦᠬᠦ ᠬᠡᠪ ᠪᠤᠯᠪᠠᠰᠤᠷᠠᠯ ᠨᠢ ᠲᠠᠯ᠎ᠠ ᠨᠤᠳᠤᠭ ᠤᠨ ᠠᠭᠤᠳᠠᠮ ᠴᠡᠬᠡᠵᠢ᠂ ᠲᠤᠤᠷᠠᠢ ᠶᠢᠨ ᠵᠤᠷᠢᠭ ᠰᠠᠨᠠᠭ᠎ᠠ ᠶᠢ ᠬᠠᠷᠠᠭᠤᠯᠵᠠᠢ᠃ ᠲᠠ ᠪᠤᠯ ᠠᠯᠠᠱᠠ ᠶᠢᠨ ᠡᠯᠡᠰᠦ ᠶᠢ ᠵᠠᠰᠠᠭᠰᠠᠨ ᠲᠠᠭᠤᠷᠢᠶᠠᠯ ᠪᠤᠯᠬᠤ ᠪᠠᠷ ᠦᠯᠦ ᠪᠠᠷᠠᠮ ᠪᠠᠰᠠ ᠥᠪᠦᠷ ᠮᠤᠩᠭᠤᠯ ᠤᠨ ᠡᠯᠡᠰᠦ ᠶᠢ ᠵᠠᠰᠠᠭᠰᠠᠨ ᠳᠠᠭᠤᠷᠢᠶᠠᠯ᠂ ᠨᠡᠩ ᠴᠦ ᠤᠯᠤᠰ ᠲᠠᠶᠠᠭᠠᠷ ᠤᠨ ᠡᠯᠡᠰᠦ ᠶᠢ ᠵᠠᠰᠠᠭᠰᠠᠨ ᠳᠠᠭᠤᠷᠢᠶᠠᠯ ᠮᠦᠨ ᠭᠡᠪᠡ᠃

    《ᠤᠳᠤ ᠲᠠᠨ ᠤ ᠪᠡᠶ᠎ᠠ ᠮᠠᠬᠠᠪᠤᠳ ᠰᠠᠶᠢᠨ ᠤᠤ?》᠂ 《ᠶᠠᠮᠠᠷ ᠬᠦᠴᠢᠷ ᠪᠠᠶᠢᠨ᠎ᠠ?》᠂ 《ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠳᠤ ᠶᠠᠮᠠᠷ ᠰᠠᠶᠢᠨ ᠰᠠᠨᠠᠭᠤᠯᠭ᠎ᠠ ᠪᠠᠶᠢᠬᠤ ᠪᠤᠢ?》 ᠭᠡᠬᠦ ᠵᠡᠷᠭᠡ ᠪᠠᠷ ᠯᠢ ᠵᠢᠢ ᠡᡁᠧᠩ ᠰᠦᠬᠡ ᠠᠴᠠ ᠬᠠᠯᠠᠮᠵᠢᠯᠠᠨ ᠠᠰᠠᠭᠤᠵᠤ᠂ ᠭᠡᠷ ᠤᠨ ᠵᠤᠭᠤᠬ ᠲᠡᠯᠭᠡᠪᠡ᠃ ᠰᠦᠬᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠮᠤᠳᠤ ᠵᠠᠶᠢᠯᠠᠵᠦ ᠤᠢᠢᠵᠢᠭᠤᠯᠬᠤ᠂ ᠠᠮᠢ ᠠᠬᠤᠢ ᠶᠢᠨ ᠵᠠᠰᠠᠯᠳᠠ ᠬᠢᠬᠦ ᠶᠢ ᠮᠠᠰᠢ ᠴᠢᠬᠤᠯᠠᠴᠢᠯᠠᠵᠤ᠂ ᠤᠯᠠᠨ ᠵᠢᠯ ᠤᠨ ᠴᠢᠷᠮᠠᠶᠢᠯᠭ᠎ᠠ ᠪᠠᠷ ᠲᠠᠮᠵᠢᠭᠤᠯᠵᠤ᠂ ᠠᠯᠠᠱᠠ ᠨᠤᠳᠤᠭ ᠤᠨ ᠠᠮᠢ ᠠᠬᠤᠢ ᠶᠡᠭᠡ ᠰᠠᠶᠢᠵᠢᠷᠠᠯᠳᠠ ᠲᠠᠢ ᠪᠤᠯᠵᠤ᠂ ᠡᠵᠡᠨ᠎ᠠ ᠬᠤᠰᠢᠭᠤᠨ ᠤ ᠲᠤᠤᠷᠠᠢ ᠶᠢᠨ ᠤᠢ 30 ᠲᠦᠮᠡᠨ ᠮᠦ ᠠᠴᠠ 44 ᠲᠦᠮᠡᠨ ᠮᠦ ᠪᠤᠯᠵᠤ ᠨᠡᠮᠡᠭᠳᠡᠭᠰᠡᠨ ᠬᠡᠯ᠎ᠠ᠃

    ᠯᠢ ᠵᠢᠢ ᠡᡁᠧᠩ᠂ ᠠᠭᠤᠤ ᠶᠡᠭᠡ ᠦᠢᠯᠡ ᠶᠠᠷᠤᠮᠳᠡᠭ ᠵᠦᠢᠯ ᠠᠴᠠ ᠪᠤᠢ ᠪᠤᠯᠳᠠᠬ᠂ ᠰᠦᠬᠡ ᠨᠦᠬᠦᠷ ᠠᠷᠪᠠᠨ ᠬᠡᠳᠤᠨ ᠵᠢᠯ ᠢ ᠨᠢᠬᠡ ᠯᠡ ᠡᠳᠤᠷ ᠮᠡᠳᠤ ᠪᠠᠷ ᠡᠯᠡᠰᠤᠨ ᠴᠦᠯ ᠳᠤ ᠮᠤᠳᠤ ᠲᠠᠷᠢᠵᠤ ᠡᠯᠡᠰᠤ ᠶᠢ ᠵᠠᠰᠠᠵᠤ ᠦᠩᠬᠡᠷᠡᠬᠦᠯᠦᠨ᠂ ᠡᠯᠡᠰᠤᠨ ᠴᠦᠯ ᠢ ᠨᠤᠭᠤᠭᠠᠨ ᠪᠦᠷᠢᠳᠤ ᠪᠤᠯᠭᠠᠭᠰᠠᠨ᠃ ᠨᠤᠭᠤᠭᠠᠨ ᠪᠤᠯ ᠠᠮᠢ ᠨᠠᠰᠤ᠂ ᠨᠤᠭᠤᠭᠠᠨ ᠪᠤᠯ ᠤᠷᠴᠢᠨ ᠲᠤᠭᠤᠷᠢᠨ ᠤ ᠬᠠᠮᠠᠭᠠᠯᠠᠯᠳᠠ᠂ ᠨᠤᠭᠤᠭᠠᠨ ᠪᠤᠯ ᠳᠤᠭᠳᠠᠪᠤᠷᠢᠳᠠᠢ ᠬᠦᠭᠵᠢᠯᠳᠠ᠂ ᠨᠤᠭᠤᠭᠠᠨ ᠪᠤᠯ ᠪᠠᠯᠠᠷᠠᠰᠢ ᠦᠬᠡᠢ ᠠᠮᠢᠯᠠᠯ ᠪᠤᠯᠤᠨ᠎ᠠ᠃ ᠤᠷᠤᠨ ᠲᠠᠶᠠᠭᠠᠷ ᠤᠨ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠪᠤᠯᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠰᠦᠬᠡ ᠨᠦᠬᠦᠷ ᠠᠴᠠ ᠰᠤᠷᠤᠯᠴᠠᠵᠤ᠂《ᠲᠠᠪᠤᠨ ᠶᠡᠭᠡ ᠬᠦᠭᠵᠢᠯᠳᠠ ᠶᠢᠨ ᠤᠢᠢᠯᠠᠭᠠᠭᠳᠠᠬᠤᠨ》 ᠢ᠋ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠤᠷ ᠮᠤᠩᠭᠤᠯ ᠤᠨ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠳᠤ ᠪᠤᠳᠠᠳᠠᠢ ᠠᠵᠢᠯ ᠤᠨ ᠠᠮᠵᠢᠯᠳᠠ ᠦᠯᠡᠳᠡᠬᠡᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠡᠬᠡ ᠭᠠᠵᠠᠷ ᠲᠠᠭᠠᠨ ᠪᠢᠴᠢᠭᠯᠡᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠪᠢᠴᠢᠭᠯᠡᠬᠦ ᠭᠡᠷᠡᠭᠳᠠᠢ ᠬᠡᠪᠡ᠃

    ᠰᠦᠬᠡ᠂ ᠯᠢ ᠵᠢᠢ ᠡᡁᠧᠩ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠠᠵᠤ᠂ ᠠᠬᠠᠰᠢᠷᠠᠵᠤ ᠪᠠᠶᠢᠪᠠᠴᠤ ᠠᠯᠤᠰ ᠤᠨ ᠬᠦᠰᠡᠯᠠᠩ ᠲᠠᠢ᠂ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠪᠠᠭ᠎ᠠ ᠶᠠᠪᠤᠳᠠᠯ ᠠᠴᠠ ᠡᠬᠢᠯᠠᠨ ᠬᠢᠵᠤ᠂ 《ᠲᠡᠨᠡᠭ ᠡᠪᠤᠬᠡᠨ ᠡᠯᠡᠰᠤ ᠶᠢ ᠵᠠᠰᠠᠬᠰᠠᠨ》 ᠰᠢᠨ᠎ᠠ ᠬᠠᠭᠤᠳᠠᠰᠤ ᠶᠢ ᠦᠷᠬᠦᠯᠵᠢᠯᠠᠨ ᠪᠢᠴᠢᠭᠯᠡᠨ᠎ᠡ ᠬᠡᠵᠤ ᠢᠯᠡᠳᠬᠡᠪᠡ᠃

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ᠌ ᠤᠨ ᠲᠠᠷᠤᠭ᠎ᠠ ᠵᠠᠩ ᠶᠤᠸᠠᠨ ᠵᠦᠩ ᠪᠤᠯᠤᠨ ᠠᠯᠠᠱᠠ ᠠᠶᠢᠮᠠᠬ ᠤᠨ ᠭᠤᠤᠯ ᠬᠠᠷᠢᠭᠤᠴᠠᠯᠭᠠᠳᠠᠨ ᠨᠦᠬᠦᠳ ᠪᠠᠷ᠎ᠠ ᠪᠤᠯᠵᠤ ᠪᠤᠯᠭᠤᠭᠠᠨ ᠦᠵᠡᠪᠡ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119638925