蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠲᠦᠩᠯᠢᠶᠤᠤ ᠬᠤᠳᠠ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠳᠡ ᠬᠢᠪᠡ

2016-10-08 10:21

    10 ᠰᠠᠷ᠎ᠠ ᠶᠢᠨ 4 ᠠᠴᠠ 6 ᠤ ᠡᠳᠤᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠲᠦᠩᠯᠢᠶᠤᠤ ᠬᠤᠳᠠ ᠪᠠ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠳᠡ ᠬᠢᠵᠥ᠂ ᠭᠤᠤᠯᠳᠠᠯᠭ᠎ᠠ ᠲᠠᠢ ᠠᠵᠥ ᠦᠢᠯᠡᠰ ᠪᠤᠯᠤᠨ ᠭᠤᠤᠯᠳᠠᠯᠭ᠎ᠠ ᠲᠠᠢ ᠠᠵᠥ ᠠᠬᠤᠢᠢᠯᠠᠯ ᠢ ᠪᠠᠶᠢᠴᠠᠭᠠᠨ ᠦᠵᠡᠵᠥ᠂ ᠮᠠᠯ ᠠᠵᠤ ᠠᠬᠤᠢ ᠲᠠᠷᠢᠶᠠᠯᠠᠩ ᠦᠢᠯᠡᠳᠪᠤᠷᠢᠯᠡᠯ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠤᠯᠤᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠵᠡᠷᠬᠡ ᠪᠠᠶᠢᠳᠠᠯ ᠢ ᠬᠦᠨᠵᠡᠬᠡᠢ ᠤᠢᠢᠯᠠᠭᠠᠵᠥ᠂ ᠦᠨᠳᠦᠰᠦᠨ ᠱᠠᠳᠤᠨ ᠤ ᠤᠯᠠᠨ ᠲᠦᠮᠡᠨ ᠢ ᠡᠷᠬᠢᠨ ᠦᠵᠡᠵᠥ ᠲᠤᠬᠤᠨᠢᠭᠤᠯᠪᠠ᠃

    ᠲᠡᠷᠡ ᠴᠢᠬᠤᠯᠠᠴᠢᠯᠠᠭᠰᠠᠨ ᠨᠢ᠂ ᠦᠨᠳᠦᠰᠦᠳᠡᠨ ᠤ ᠠᠵᠢᠯ ᠤᠨ ᠦᠪᠤᠷ ᠮᠤᠩᠭᠤᠯ ᠤᠨ ᠠᠵᠢᠯ ᠤᠨ ᠪᠦᠬᠦ ᠲᠠᠯ᠎ᠠ ᠳᠠᠬᠢ ᠪᠠᠶᠢᠷᠢ ᠰᠠᠭᠤᠷᠢ ᠶᠢ ᠬᠦᠨᠵᠡᠬᠡᠢ ᠲᠠᠨᠢᠵᠥ᠂ ᠨᠢᠳᠤᠨ ᠴᠡᠴᠡᠬᠡᠢ ᠪᠠᠨ ᠬᠠᠶᠢᠷᠠᠯᠠᠬᠤ ᠰᠢᠭ ᠢᠶᠠᠷ ᠦᠨᠳᠦᠰᠦᠳᠡᠨ ᠤ ᠪᠦᠯᠬᠦᠮᠳᠡᠯ ᠢ ᠬᠠᠶᠢᠷᠠᠯᠠᠨ᠂ ᠠᠮᠢ ᠨᠠᠰᠤ ᠪᠠᠨ ᠨᠠᠨᠳᠢᠩᠨᠡᠬᠤ ᠰᠢᠭ ᠢᠶᠡᠷ ᠦᠨᠳᠦᠰᠦᠳᠡᠨ ᠤ ᠪᠦᠯᠬᠦᠮᠳᠡᠯ ᠢ ᠨᠠᠨᠳᠢᠩᠨᠡᠵᠥ᠂ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠤᠯᠳᠡᠢ ᠲᠦᠯᠥᠪᠵᠢᠬᠦᠯᠬᠦ ᠡᠷᠴᠢᠮ ᠢᠶᠠᠨ ᠴᠢᠩᠭᠠᠷᠠᠭᠤᠯᠤᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠤᠯᠤᠨ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢ ᠢᠳᠡᠪᠬᠢᠳᠡᠢ ᠠᠬᠢᠭᠤᠯᠵᠥ᠂ ᠬᠤᠳᠠ ᠬᠦᠳᠡᠭᠡ ᠬᠠᠮᠳᠤᠪᠡᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠳᠡᠢ ᠬᠡᠪᠡ᠃

    ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠤᠯᠤᠨ ᠮᠠᠯ ᠠᠵᠥ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠤᠯ ᠯᠢ ᠵᠢᠢ ᠡᡁᠧᠩ ᠤᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠳᠡ ᠶᠢᠨ ᠴᠢᠬᠤᠯᠠ ᠠᠭᠤᠯᠭ᠎ᠠ ᠪᠤᠯᠤᠨ᠎ᠠ᠃ ᠲᠡᠷᠡ ᠲᠦᠩᠯᠢᠶᠤᠤ ᠬᠤᠳᠠ ᠶᠢᠨ ᠯᠢᠶᠤᠤ ᠡᡁᠧ ᠴᠡᠴᠡᠷᠯᠢᠭ᠂ ᠤᠯᠠᠭᠠᠨᠬᠠᠳᠠ ᠬᠤᠳᠠ ᠶᠢᠨ ᠲᠡᠮᠤᠷ ᠵᠠᠮ ᠤᠨ ᠡᠮᠤᠨ᠎ᠡ ᠬᠡᠰᠡᠭ ᠤᠨ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠢᠨᠵᠧᠨᠧᠷᠢᠩ ᠵᠡᠷᠬᠡ ᠶᠢ ᠰᠢᠨᠵᠢᠯᠡᠨ ᠪᠠᠶᠢᠴᠠᠭᠠᠵᠥ᠂ ᠬᠤᠶᠠᠷ ᠬᠤᠳᠠ ᠶᠢᠨ ᠬᠢᠨ ᠢ ᠬᠦᠮᠥᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠨ ᠬᠤᠳᠠ ᠶᠢᠨ ᠲᠦᠯᠥᠪᠵᠢᠬᠦᠯᠬᠡ᠂ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠡ ᠶᠢ ᠤᠯᠠᠮ ᠴᠢᠩᠭᠠᠳᠬᠠᠵᠥ᠂ ᠠᠮᠢ ᠠᠬᠤᠢᠢᠵᠢᠭᠰᠠᠨ᠂ ᠰᠠᠭᠤᠷᠢᠰᠢᠬᠤ ᠳᠤ ᠲᠠᠭᠠᠳᠠᠢ᠂ ᠠᠵᠢᠯ ᠤᠯᠬᠤ ᠳᠤ ᠲᠤᠬᠢᠷᠠᠭᠰᠠᠨ ᠦᠵᠡᠮᠵᠢᠳᠤ ᠬᠤᠳᠠ ᠶᠢ ᠪᠦᠳᠦᠭᠡᠨ ᠪᠠᠶᠢᠭᠤᠯᠬᠤ ᠬᠡᠷᠡᠭᠳᠡᠢ ᠬᠡᠵᠥ ᠱᠠᠭᠠᠷᠳᠠᠪᠠ᠃

    ᠯᠢ ᠵᠢᠢ ᠡᡁᠧᠩ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ 40 ᠲᠦᠮᠡᠨ ᠮᠦ ᠶᠢᠨ ᠲᠦᠪᠯᠡᠷᠡᠨ ᠵᠠᠯᠭᠠᠯᠳᠤᠭᠰᠠᠠ ᠡᠷᠳᠡᠨᠢ ᠰᠢᠰᠢ ᠶᠢᠨ ᠪᠦᠷᠬᠦᠪᠴᠢ ᠶᠢᠨ ᠲᠤᠤᠭᠤᠷ ᠲᠤᠰᠤᠯᠭᠠᠨ ᠤᠰᠤᠯᠠᠬᠤ ᠲᠦᠷᠦᠯ ᠵᠦᠢᠯ ᠤᠨ ᠲᠤᠭᠤᠷᠢᠭ᠂ ᠤᠯᠠᠭᠠᠨᠬᠠᠳᠠ ᠬᠤᠳᠠ ᠶᠢᠨ ᠰᠢᠩ ᠯᠥᠩ ᠤᠳᠤ ᠦᠶ᠎ᠡ ᠶᠢᠨ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠲᠤ ᠬᠦᠨᠵᠡᠬᠡᠶᠢᠷᠡᠵᠥ᠂ ᠲᠦᠬᠦᠭᠡᠷᠤᠮᠵᠢᠳᠤ ᠲᠠᠷᠢᠶᠠᠯᠠᠩ ᠤᠨ ᠬᠦᠭᠵᠢᠯᠳᠡ ᠶᠢᠨ ᠪᠠᠶᠢᠳᠠᠯ ᠢ ᠤᠢᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠲᠠᠷᠢᠶᠠᠨ ᠭᠠᠵᠠᠷ ᠪᠤᠯᠤᠨ ᠨᠤᠳᠤᠭ ᠪᠡᠯᠴᠢᠬᠡᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠡᠷᠡᠰ ᠨᠠᠶᠢᠳᠠᠪᠤᠷᠢᠵᠢᠭᠤᠯᠵᠥ᠂ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠨ ᠮᠠᠯ ᠠᠵᠥ ᠠᠬᠤᠢ ᠲᠠᠷᠢᠶᠠᠯᠠᠩ ᠤᠨ ᠠᠵᠥ ᠦᠢᠯᠡᠰᠵᠢᠭᠰᠡᠡ ᠡᠵᠡᠩᠨᠡᠯᠳᠡ ᠶᠢ ᠶᠡᠬᠡᠪᠡᠷ ᠬᠦᠭᠵᠢᠬᠦᠯᠵᠥ᠂ ᠲᠠᠭᠠᠭᠤᠯᠤᠭᠴᠢ ᠠᠵᠥ ᠠᠬᠤᠢᠢᠯᠠᠯ ᠢ ᠲᠡᠳᠬᠦᠨ ᠪᠤᠵᠠᠭᠠᠢᠢᠷᠠᠭᠤᠯᠵᠥ᠂ ᠤᠯᠤᠰ ᠤᠨ ᠴᠢᠬᠤᠯᠠ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠤᠷᠢᠯᠡᠵᠤ ᠡᠳ᠋ᠰᠢᠬᠦᠯᠬᠦ ᠰᠠᠭᠤᠷᠢᠨ ᠢ ᠲᠦᠷᠭᠡᠳᠬᠡᠨ ᠪᠦᠳᠦᠬᠡᠨ ᠪᠠᠶᠢᠭᠤᠯᠬᠤ ᠬᠡᠷᠡᠭᠳᠡᠢ ᠬᠡᠵᠠᠢ᠃

    ᠯᠢ ᠵᠢᠢ ᠾᠧᠩ ᠬᠤᠶᠠᠷ ᠬᠤᠲᠠ ᠶᠢᠨ ᠠᠵᠥ ᠦᠢᠯᠡᠰ ᠤᠨ ᠪᠦᠲᠦᠴᠡ ᠶᠢ ᠳᠤᠬᠢᠷᠠᠭᠤᠯᠤᠨ ᠳᠡᠰ ᠳᠠᠪᠰᠢᠬᠦᠯᠬᠦ ᠠᠵᠢᠯ ᠢ ᠲᠦᠢᠯ ᠢᠶᠠᠷ ᠠᠩᠬᠠᠷᠴᠦ ᠪᠠᠶᠢᠯ᠎ᠠ᠃ ᠲᠡᠷᠡ ᠬᠤᠩᠱᠠᠨ ᠪᠤᠳᠠᠰ ᠤᠨ ᠬᠦᠢᠯᠭᠡᠭᠡ ᠶᠢᠨ ᠬᠦᠷᠢᠶᠡᠯᠡᠩ ᠲᠤᠭᠤᠷᠢᠭ᠂ ᠵᠦᠩ ᠰᠧ ᠴᠠᠶᠢᠷ ᠤᠨ ᠦᠢᠯᠡᠰ ᠤᠨ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠵᠤ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠬᠢᠨ ᠬᠦᠴᠦᠯᠡᠨ ᠴᠢᠷᠮᠠᠶᠢᠵᠤ᠂ ᠦᠨᠡᠨᠬᠦ ᠠᠳᠬᠤᠨ ᠪᠤᠲᠠᠲᠠᠢ ᠠᠵᠢᠯᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠨᠡᠨᠬᠦ ᠰᠠᠶᠢᠳᠤᠷ ᠠᠳᠬᠤᠵᠤ᠂ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠦᠷᠬᠦᠯᠵᠢᠯᠡᠨ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠠ ᠠᠵᠤ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠪᠤᠶᠢᠵᠢᠭᠤᠯᠤᠨ ᠬᠦᠭᠵᠢᠭᠦᠯᠵᠦ᠂ ᠠᠵᠤ ᠦᠢᠯᠡᠰ ᠬᠦᠭᠵᠢᠭᠰᠡᠨ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠤᠩᠭᠤᠯ ᠡᠮ ᠡᠮᠨᠡᠯᠭᠡ ᠶᠢᠨ ᠦᠷᠦᠭᠡ ᠪᠠ ᠮᠤᠩᠭᠤᠯ ᠡᠮ ᠡᠮᠨᠡᠯᠭᠡ ᠶᠢᠨ ᠰᠤᠳᠤᠯᠭᠠᠨ ᠤ ᠢᠨᠵᠧᠨᠧᠷᠢᠩ ᠤᠨ ᠭᠤᠤᠯᠳᠠᠯᠭ᠎ᠠ ᠲᠠᠢ ᠲᠤᠷᠰᠢᠯᠲᠡ ᠶᠢᠨ ᠲᠠᠰᠤᠭ ᠲᠤ᠂ ᠯᠢ ᠵᠢᠢ ᠡᠾᠧᠩ ᠬᠤᠯᠪᠤᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠨᠤᠰᠴᠠᠢ᠃ ᠲᠡᠷᠡ ᠴᠢᠬᠤᠯᠠᠴᠢᠯᠠᠭᠰᠠᠨ ᠨᠢ᠂ ᠮᠤᠩᠭᠤᠯ ᠡᠮ ᠡᠮᠨᠡᠯᠭᠡ ᠶᠢᠨ ᠡᠨᠡᠬᠦ ᠦᠨᠳᠦᠰᠦᠲᠡᠨ ᠤ ᠭᠠᠶᠢᠬᠠᠮᠰᠢᠭᠲᠤ ᠡᠷᠳᠡᠨᠢ ᠶᠢ ᠭᠦᠢᠴᠡᠳ ᠠᠭᠤᠳᠠᠯᠯᠠᠵᠤ᠂ ᠭᠤᠤᠯᠳᠠᠯᠭ᠎ᠠ ᠲᠠᠢ ᠲᠤᠷᠰᠢᠯᠲᠡ ᠶᠢᠨ ᠲᠠᠰᠤᠭ ᠢ ᠰᠠᠶᠢᠳᠤᠷ ᠪᠦᠳᠦᠬᠡᠨ ᠪᠠᠶᠢᠭᠤᠯᠬᠤ ᠪᠠᠷ ᠵᠤᠷᠢᠭ ᠰᠢᠭᠤᠳᠴᠤ᠂ ᠦᠢᠯᠡᠳᠪᠦᠷᠢᠯᠡᠯ ᠵᠢᠭᠠᠨ ᠰᠤᠷᠭᠠᠯᠳᠠ ᠪᠠ ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠬᠤ ᠪᠠ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠳᠬᠠᠵᠤ᠂ ᠮᠤᠩᠭᠤᠯ ᠡᠮ ᠡᠮᠨᠡᠯᠭᠡ ᠶᠢᠨ ᠦᠢᠯᠡᠰ ᠢ ᠪᠤᠵᠠᠭᠠᠢᠢᠷᠠᠭᠤᠯᠤᠨ ᠬᠦᠴᠦᠷᠬᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠠᠰᠢᠭ ᠬᠦᠷᠲᠡᠭᠡᠬᠦ ᠬᠡᠷᠡᠭᠲᠡᠢ ᠬᠡᠵᠠᠢ᠃

    ᠯᠢ ᠵᠢᠢ ᠾᠧᠩ ᠠᠮᠤᠷᠯᠢᠩᠭᠤᠢ ᠲᠠᠬᠢᠮᠳᠠᠭᠤ ᠬᠡᠬᠡᠨ ᠰᠦᠳᠤ ᠬᠤᠸᠠᠩᠬᠡᠤ ᠶᠢᠨ ᠬᠦᠷᠢᠶᠡᠯᠡᠩ ᠤᠨ ᠰᠤᠶᠤᠯ ᠵᠤᠭᠠᠴᠠᠯ ᠤᠨ ᠲᠤᠭᠤᠷᠢᠭ᠂ ᠤᠯᠠᠭᠠᠨᠬᠠᠳᠠ ᠶᠢᠨ ᠮᠦᠽᠸᠢ ᠳᠤ ᠬᠦᠷᠴᠤ᠂ ᠪᠠᠰᠠ ᠬᠤᠷᠤᠭᠠᠨ ᠠᠶᠢᠯ ᠭᠠᠴᠠᠭᠠᠨ ᠤ ᠠᠷᠠᠳ ᠦ᠋ ᠯᠢᠤ ᠶᠢᠨ ᠤ ᠨᠡᠭᠡᠭᠡᠭᠰᠡᠨ 《ᠲᠠᠷᠢᠶᠠᠴᠢᠨ ᠠᠶᠢᠯ ᠤᠨ ᠪᠠᠶᠠᠰᠤᠯ》 ᠳᠤ ᠤᠷᠤᠵᠤ᠂ ᠰᠤᠶᠤᠯ ᠵᠤᠭᠠᠴᠠᠯ ᠤᠨ ᠦᠢᠯᠡᠰ ᠤᠨ ᠬᠦᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠠᠢ᠃ ᠲᠡᠷᠡ ᠴᠢᠬᠤᠯᠠᠴᠢᠯᠠᠭᠰᠠᠨ ᠨᠢ᠂ ᠭᠠᠵᠠᠷ ᠤᠷᠤᠨ ᠪᠠ ᠦᠨᠳᠦᠰᠦᠲᠡᠨ ᠤ ᠰᠤᠶᠤᠯ ᠤᠨ ᠤᠨᠴᠠᠯᠢᠭ ᠢ ᠳᠤᠪᠤᠶᠢᠯᠭᠠᠵᠤ᠂ ᠲᠦᠩᠯᠢᠶᠤᠤ ᠪᠠ ᠤᠯᠠᠭᠠᠨᠬᠠᠳᠠ ᠶᠢ ᠪᠡᠭᠡᠵᠢᠩ ᠲᠢᠶᠠᠨᠵᠢᠨ ᠡᠾᠧᠪᠸᠢ᠂ ᠵᠡᠭᠦᠨ ᠬᠤᠶᠢᠲᠤ ᠤᠷᠤᠨ ᠤ ᠭᠤᠷᠪᠠᠨ ᠮᠤᠵᠢ᠂ ᠴᠢᠨᠠᠭᠰᠢᠯᠠᠨ ᠤᠯᠤᠰ ᠤᠨ ᠲᠤᠳᠤᠭᠠᠳᠤ ᠭᠠᠳᠠᠭᠠᠳᠤ ᠳᠤ ᠬᠠᠨᠳᠤᠭᠤᠯᠤᠭᠰᠠᠨ ᠰᠡᠯᠡᠭᠦᠴᠡᠨ ᠵᠤᠭᠠᠴᠠᠬᠤ ᠴᠢᠬᠤᠯᠠ ᠬᠠᠷᠠᠯᠲᠠᠳᠤ ᠭᠠᠵᠠᠷ ᠪᠤᠯᠭᠠᠨ ᠪᠦᠳᠦᠬᠡᠨ ᠪᠠᠶᠢᠭᠤᠯᠬᠤ ᠬᠡᠷᠡᠭᠲᠡᠢ ᠬᠡᠪᠡ᠃

    ᠯᠢ ᠵᠢᠢ ᠾᠧᠩ ᠲᠦᠩᠯᠢᠶᠤᠤ ᠬᠤᠲᠠ ᠶᠢᠨ ᠮᠸᠢ ᠬᠤᠸᠠ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ᠂ ᠪᠥᠸᠧ ᠡᠧᠨ ᠯᠸᠤ ᠰᠢᠶᠤᠤ ᠺᠤᠮᠫᠠᠨᠢ᠂ ᠤᠯᠠᠭᠠᠨᠬᠠᠳᠠ ᠬᠤᠲᠠ ᠶᠢᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ ᠬᠡᠯᠡᠭᠰᠡᠨ ᠨᠢ᠂ ᠡᠳᠡᠭᠡᠷ ᠲᠦᠷᠦᠯ ᠵᠦᠢᠯ ᠢ ᠪᠦᠬᠦᠨ ᠢ ᠠᠷᠠᠯᠵᠢᠶᠡᠴᠢᠨ ᠤᠷᠢᠵᠤ ᠪᠡᠯᠡ ᠮᠦᠩᠬᠦ ᠤᠷᠤᠭᠤᠯᠬᠤ ᠪᠠᠷ ᠳᠠᠮᠵᠢᠨ ᠤᠷᠤᠭᠤᠯᠵᠤ ᠠᠪᠴᠢᠷᠠᠭᠰᠠᠨ ᠶᠤᠮ᠃ ᠠᠷᠠᠯᠵᠢᠶᠡᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠪᠤᠯ ᠤᠷᠤᠨ ᠪᠦᠰᠡ ᠶᠢᠨ ᠠᠵᠤ ᠠᠬᠤᠢ ᠶᠢᠨ ᠬᠦᠭᠵᠢᠯᠲᠠ ᠶᠢᠨ ᠬᠤᠪᠢᠷᠠᠯᠳᠠ ᠶᠢᠨ ᠰᠢᠯᠭᠠᠭᠤᠷ ᠮᠦᠨ᠂ ᠠᠵᠤ ᠠᠬᠤᠢ ᠨᠡᠶᠢᠭᠡᠮ ᠤᠨ ᠬᠦᠭᠵᠢᠯᠲᠠ ᠶᠢ ᠠᠬᠢᠭᠤᠯᠬᠤ ᠪᠦᠲᠦᠮᠵᠢᠲᠠᠢ ᠠᠷᠭ᠎ᠠ ᠬᠡᠮᠵᠢᠶ᠎ᠠ ᠪᠠ ᠵᠠᠶᠢᠯᠠᠰᠢ ᠦᠭᠡᠢ ᠦᠩᠭᠡᠷᠡᠭᠦ ᠵᠠᠮ ᠪᠤᠯᠤᠨ᠎ᠠ ᠬᠡᠳᠡᠭ ᠢ ᠦᠢᠯᠡᠳᠦᠯᠬᠡ ᠬᠡᠷᠡᠴᠢᠯᠡᠪᠡ᠃ ᠡᠯ᠎ᠠ ᠭᠠᠵᠠᠷ ᠤᠨ ᠬᠢᠨ ᠠᠷᠠᠯᠵᠢᠶᠡᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠤ᠂ ᠦᠢᠯᠡᠴᠢᠯᠡᠭᠡ ᠶᠢᠨ ᠦᠷ᠎ᠠ ᠪᠦᠲᠦᠮᠵᠢ ᠪᠠ ᠶᠠᠰᠤ ᠴᠢᠨᠠᠷ ᠢᠶᠠᠨ ᠳᠡᠭᠡᠭᠰᠢᠯᠡᠭᠦᠯᠵᠤ᠂ ᠲᠡᠷᠢᠭᠦᠨ ᠳᠡᠰ ᠤᠨ ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠢ ᠬᠦᠴᠦᠯᠡᠨ ᠪᠤᠢ ᠪᠤᠯᠭᠠᠵᠤ᠂ ᠭᠠᠳᠠᠭᠠᠳᠦ ᠪᠡᠯᠡ᠂ ᠠᠷᠠᠳ ᠤᠨ ᠬᠦᠷᠦᠩᠭᠡ ᠪᠤᠯᠤᠨ ᠨᠡᠶᠢᠭᠡᠮ ᠤᠨ ᠬᠦᠷᠦᠩᠭᠡ ᠶᠢ ᠶᠡᠬᠡᠪᠡᠷ ᠤᠷᠤᠭᠤᠯᠬᠤ ᠬᠡᠷᠡᠭᠲᠡᠢ ᠬᠡᠯ᠎ᠠ᠃

    ᠰᠢᠪᠠᠷᠡᠭᠡ ᠪᠤᠷᠤᠭᠠᠨ ᠤ ᠲᠤᠮᠳᠠᠭᠤᠷ᠂ ᠯᠢ ᠵᠢᠢ ᠾᠧᠩ ᠬᠤᠷᠴᠢᠨ ᠵᠡᠭᠦᠨ ᠭᠠᠷᠤᠨ ᠳᠤᠮᠳᠠᠳᠦ ᠬᠤᠰᠢᠭᠤᠨ ᠤ ᠬᠤᠸᠠ ᠲᠤᠭᠤᠯ ᠪᠠᠯᠭᠠᠰᠤ ᠶᠢᠨ ᠬᠤᠷᠤᠭᠠᠨ ᠠᠶᠢᠯ ᠭᠠᠴᠠᠭ᠎ᠠ ᠶᠢᠨ ᠤᠦ ᠴᠢ ᠶᠢᠨ ᠤ ᠭᠡᠷ ᠲᠤ ᠬᠦᠷᠴᠦ᠂ ᠠᠮᠢᠳᠤᠷᠠᠯ ᠳᠤᠨᠢ ᠶᠠᠮᠠᠷ ᠬᠦᠴᠢᠷᠳᠡᠯ ᠲᠠᠢ ᠪᠠᠶᠢᠬᠤ ᠶᠢ ᠯᠠᠪᠯᠠᠨ ᠠᠰᠠᠭᠤᠵᠤ᠂ ᠢᠲᠡᠭᠡᠯ ᠢᠶᠠᠨ ᠪᠠᠲᠤᠳᠬᠠᠨ ᠡᠯ᠎ᠠ ᠲᠠᠯ᠎ᠠ ᠶᠢᠨ ᠬᠠᠪᠰᠤᠷᠤᠯᠭ᠎ᠠ ᠲᠠᠮᠵᠢᠯᠬᠡ ᠳᠤᠤᠷ᠎ᠠ ᠶᠠᠳᠠᠭᠤ ᠠᠴᠠ ᠠᠩᠬᠢᠵᠢᠷᠠᠬᠤ ᠬᠡᠷᠡᠭᠲᠡᠢ ᠭᠡᠵᠤ ᠵᠤᠷᠢᠭᠵᠢᠭᠤᠯᠪᠠ᠃

    ᠤᠯᠠᠭᠠᠨᠬᠠᠳᠠ ᠶᠢᠨ ᠯᠦᠩ ᠰᠢᠩ ᠢᠳᠡᠰᠢᠨ ᠨᠤᠭᠤᠭ᠎ᠠ ᠦᠢᠯᠡᠳᠪᠦᠷᠢᠯᠡᠵᠤ ᠪᠤᠷᠤᠯᠠᠭᠤᠯᠬᠤ ᠲᠠᠷᠢᠶᠠᠴᠢᠳ ᠤᠨ ᠲᠤᠰᠬᠠᠢ ᠬᠤᠷᠰᠢᠶ᠎ᠠ ᠨᠢ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ 30 ᠶᠠᠳᠠᠭᠤ ᠬᠦᠴᠢᠷᠳᠡᠯᠳᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠠᠶᠠᠵᠢᠭᠤᠯᠪᠠ᠃ ᠲᠤᠯᠠᠭᠠᠨ ᠬᠦᠯᠡᠮᠵᠢ ᠳᠠᠭᠠᠭᠠᠴᠢᠯᠠᠭᠰᠠᠨ ᠼᠦᠢ ᠵᠢᠢ ᠶᠦᠩ ᠠᠴᠠ ᠯᠢ ᠵᠢᠢ ᠾᠧᠩ ᠳᠤ᠄ 《ᠨᠢᠭᠡ ᠶᠡᠭᠡ ᠬᠦᠯᠡᠮᠵᠢ ᠪᠠᠶᠢᠪᠠᠯ ᠶᠠᠳᠠᠭᠤ ᠠᠴᠠ ᠠᠩᠭᠢᠵᠢᠷᠠᠵᠤ᠂ ᠬᠤᠶᠠᠷ ᠶᠡᠭᠡ ᠬᠦᠯᠡᠮᠵᠢ ᠪᠠᠶᠢᠪᠠᠯ ᠴᠢᠨᠡᠭᠡᠯᠢᠭ ᠲᠤ ᠲᠡᠮᠡᠤᠯᠡᠨ᠎ᠠ》 ᠭᠡᠵᠤ ᠬᠡᠯᠡᠭᠰᠡᠨ ᠳᠤ ᠯᠢ ᠵᠢᠢ ᠾᠧᠩ ᠲᠦᠢᠯ ᠢᠶᠠᠷ ᠪᠠᠶᠠᠷᠯᠠᠪᠠ᠃ ᠲᠡᠷᠡ ᠵᠢᠭᠠᠵᠤ ᠭᠠᠷᠭᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠨᠢᠨ ᠳᠡᠭᠡᠷ᠎ᠠ ᠨᠢ ᠶᠠᠳᠠᠭᠤ ᠶᠢ ᠳᠡᠳᠭᠦᠨ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠠᠵᠠᠷ ᠲᠤᠨᠢ ᠬᠠᠪᠰᠤᠷᠤᠨ ᠦᠨᠳᠦᠰᠦᠨ ᠠᠴᠠ ᠨᠢ ᠳᠡᠮᠵᠢᠵᠤ᠂ ᠰᠢᠨ᠎ᠠ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠠᠴᠠ ᠶᠠᠳᠠᠭᠤ ᠬᠦᠴᠢᠷᠳᠡᠯᠲᠡᠢ ᠡᠷᠦᠬᠡ ᠳᠤ ᠪᠦᠬᠦ᠋ᠢᠯᠡ ᠠᠵᠤ ᠦᠢᠯᠡᠰ ᠤᠨ ᠬᠡᠯᠬᠢᠶ᠎ᠠ ᠶᠢᠨ ᠦᠢᠯᠡᠴᠢᠯᠡᠭᠡ ᠬᠠᠩᠭᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠶᠠᠳᠠᠭᠤ ᠠᠴᠠ ᠠᠩᠭᠢᠵᠢᠷᠠᠨ ᠴᠢᠨᠡᠭᠡᠯᠢᠭ ᠨᠡᠶᠢᠭᠡᠮ ᠳᠤ ᠲᠡᠮᠡᠦᠯᠬᠦ ᠳᠤ ᠬᠠᠪᠰᠤᠷᠤᠯᠭ᠎ᠠ ᠦᠵᠡᠭᠦᠯᠬᠦ ᠶᠢ ᠳᠡᠮᠵᠢᠬᠦ ᠬᠡᠷᠡᠭᠲᠡᠢ ᠬᠡᠪᠡ᠃

    ᠯᠢ ᠵᠢᠢ ᠾᠧᠩ ᠦᠨᠳᠦᠰᠦᠨ ᠱᠠᠳᠤᠨ ᠤ ᠺᠠᠳ᠋ᠷᠴᠤᠳ ᠤᠨ ᠠᠵᠢᠯ ᠠᠮᠢᠳᠤᠷᠠᠯ ᠢ ᠲᠦᠢᠯ ᠢᠶᠠᠷ ᠬᠠᠯᠠᠮᠵᠢᠯᠠᠵᠤ ᠪᠠᠶᠢᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠸᠠ ᠲᠤᠭᠤᠯ ᠪᠠᠯᠭᠠᠰᠤᠨ ᠳᠤ᠂ ᠲᠡᠷᠡ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠪᠠᠢ ᠽᠢ ᠵᠧᠨ ᠳᠤ ᠦᠨᠳᠦᠰᠦᠨ ᠱᠠᠳᠤᠨ ᠤ ᠺᠠᠳ᠋ᠷᠴᠤᠳ 《ᠡᠮᠦᠨ᠎ᠠ ᠹᠷᠤᠨᠲ》 ᠲᠤ ᠠᠵᠢᠯᠯᠠᠵᠤ ᠠᠮᠢᠳᠤᠷᠠᠨ ᠤᠯᠠᠨ ᠲᠦᠮᠡᠨ ᠲᠠᠢ ᠰᠢᠭᠤᠳ ᠨᠢᠭᠤᠷᠯᠠᠵᠤ᠂ ᠤᠯᠠᠨ ᠲᠦᠮᠡᠨ ᠳᠤ ᠰᠢᠭᠤᠳ ᠦᠢᠯᠡᠴᠢᠯᠡᠵᠤ᠂ ᠨᠠᠮ ᠠᠴᠠ ᠤᠯᠠᠨ ᠲᠦᠮᠡᠨ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠶᠢᠨ ᠦᠢᠯᠡᠳᠤᠯ ᠢ ᠪᠠᠳᠠᠷᠠᠭᠤᠯᠵᠤ ᠪᠤᠢ᠃ ᠦᠨᠳᠦᠰᠦᠨ ᠱᠠᠳᠤᠨ ᠳᠤ ᠰᠠᠭᠤᠷᠢᠯᠠᠨ ᠤᠯᠠᠨ ᠲᠦᠮᠡᠨ ᠳᠤ ᠦᠢᠯᠡᠴᠢᠯᠡᠵᠤ᠂ ᠤᠯᠠᠨ ᠲᠦᠮᠡᠨ ᠤ ᠳᠤᠳᠤᠨᠤ ᠬᠦᠮᠦᠨ ᠪᠤᠯᠬᠤ ᠬᠡᠷᠡᠭᠲᠡᠢ ᠭᠡᠵᠠᠢ᠃

    ᠯᠢ ᠵᠢᠢ ᠡᡁᠧᠩ ᠲᠤᠬᠠᠢ ᠶᠢᠨ ᠭᠠᠵᠠᠷ ᠤᠨ ᠬᠠᠷᠢᠭᠤᠴᠠᠯᠭᠠᠳᠠᠨ ᠢ ᠦᠷᠬᠡᠨ ᠤᠯᠠᠨ ᠦᠨᠳᠤᠰᠤᠨ ᠱᠠᠳᠤᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠰᠠᠶᠢᠨ ᠰᠠᠶᠢᠬᠠᠨ ᠠᠵᠢᠯᠯᠠᠬᠤ ᠪᠤᠯᠤᠨ ᠦᠰᠤᠨ ᠪᠤᠶᠢᠵᠢᠬᠤ ᠨᠦᠬᠦᠴᠠᠯ ᠢ ᠪᠦᠷᠢᠯᠳᠤᠬᠦᠯᠤᠨ ᠦᠭᠴᠤ᠂ ᠲᠡᠳᠡᠨ ᠢ ᠲᠠᠶᠢᠴᠢᠯᠠᠨ ᠲᠠᠭᠠᠭᠤᠯᠵᠥ ᠪᠠᠶᠢᠭᠠᠳ ᠡᠮᠤᠨ᠎ᠠ ᠹᠷᠤᠨᠲ ᠲᠤ ᠭᠠᠪᠰᠢᠭᠠᠢᠢᠯᠠᠵᠤ᠂ ᠦᠨᠳᠤᠰᠤᠨ ᠱᠠᠳᠤᠨ ᠳᠤ ᠬᠦᠨᠵᠡᠬᠡᠶᠢᠷᠡᠵᠤ᠂ ᠠᠵᠢᠯ ᠢᠶᠠᠨ ᠬᠠᠶᠢᠷᠠᠯᠠᠨ ᠤᠢᠢᠯᠡᠰ ᠢᠶᠠᠨ ᠲᠡᠭᠡᠳᠤᠯᠠᠵᠤ᠂ ᠲᠡᠷᠢᠬᠦᠨ ᠤ ᠬᠢ ᠶᠢ ᠵᠤᠷᠢᠬᠳᠠᠢ ᠡᠬᠦᠳᠴᠤ᠂ ᠡᠯ᠎ᠡ ᠵᠦᠢᠯ ᠤᠨ ᠤᠢᠢᠯᠡᠰ ᠤᠨ ᠬᠦᠭᠵᠢᠯᠳᠠ ᠶᠢ ᠤᠷᠤᠬᠰᠢ ᠠᠬᠢᠭᠤᠯᠬᠤ ᠭᠡᠷᠡᠭᠳᠠᠢ ᠬᠡᠵᠤ ᠵᠠᠬᠢᠪᠠ᠃

    ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠯᠢ ᠵᠢᠢ ᠡᡁᠧᠩ ᠶᠠᠷᠢᠯᠴᠠᠬᠤ ᠬᠤᠷᠠᠯ ᠢ ᠡᠷᠬᠢᠯᠠᠨ ᠬᠤᠷᠠᠯᠳᠤᠭᠤᠯᠵᠤ᠂ ᠬᠤᠶᠠᠷ ᠬᠤᠳᠠ ᠶᠢᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠪᠠ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠡᠷᠡᠬᠦᠯ ᠲᠤᠭᠳᠠᠭᠤᠨ ᠬᠦᠭᠵᠢᠯᠳᠠ ᠶᠢ ᠴᠢᠨᠠᠬᠰᠢᠳᠠ ᠠᠬᠢᠭᠤᠯᠵᠤ᠂ ᠲᠠᠪᠠᠭᠤᠯᠢᠬ ᠲᠤᠪᠤᠶᠢᠮ᠎ᠠ᠂ ᠪᠦᠳᠤᠴᠠ ᠵᠤᠬᠢᠰᠳᠠᠢ᠂ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠰᠠᠠ ᠤᠷᠤᠨ ᠪᠦᠰᠠ ᠶᠢᠨ ᠵᠤᠬᠢᠴᠠᠩᠭᠤᠢ ᠬᠦᠭᠵᠢᠯᠳᠠ ᠶᠢᠨ ᠰᠢᠨ᠎ᠠ ᠪᠠᠶᠢᠷᠢᠰᠢᠯ ᠢ ᠲᠦᠷᠬᠡᠬᠡᠨ ᠪᠤᠢ ᠪᠤᠯᠭᠠᠵᠤ᠂ ᠰᠢᠨ᠎ᠠ ᠤᠷᠤᠨ ᠪᠦᠰᠠ ᠶᠢᠨ ᠨᠡᠮᠡᠭᠳᠡᠯ ᠤᠨ ᠲᠦᠢᠯ ᠢ ᠪᠤᠶᠢᠵᠢᠭᠤᠯᠬᠤ ᠭᠡᠷᠡᠭᠳᠠᠢ᠃ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠨ ᠪᠡᠬᠡᠵᠢᠩ ᠲᠢᠶᠠᠨᠵᠢᠨ ᠡᡁᠧᠪᠸᠢ ᠪᠤᠯᠤᠨ ᠪᠦᠸᠧᠬᠠᠢ ᠲᠠᠩᠬᠢᠰ ᠢ ᠲᠤᠭᠤᠢᠢᠯᠠᠭᠰᠠᠨ ᠤᠷᠤᠨ ᠢ ᠬᠠᠮᠵᠢᠯᠴᠠᠨ ᠬᠦᠭᠵᠢᠬᠦᠯᠬᠦ ᠪᠠ ᠵᠡᠬᠦᠨ ᠬᠤᠶᠢᠳᠤ ᠤᠷᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠬᠦᠨ ᠠᠭᠤᠰᠤᠯᠴᠠᠵᠤ᠂ ᠦᠪᠡᠷᠳᠡᠬᠡᠨ ᠵᠠᠰᠠᠬᠤ ᠤᠷᠤᠨ ᠤ ᠵᠡᠬᠦᠨᠰᠢ ᠪᠠ ᠡᠮᠤᠨᠡᠰᠢ ᠨᠡᠬᠡᠬᠡᠯᠳᠡ ᠬᠢᠬᠦ ᠪᠠᠬᠢᠯᠠᠯᠳᠠ ᠪᠤᠯᠬᠤ ᠪᠠᠷ ᠴᠢᠷᠮᠠᠶᠢᠬᠤ ᠭᠡᠷᠡᠭᠳᠠᠢ᠃ ᠬᠤᠳᠠ ᠬᠦᠳᠡᠭᠡ ᠶᠢᠨ ᠬᠦᠭᠵᠢᠯᠳᠠ ᠶᠢ ᠴᠢᠨᠠᠬᠰᠢᠳᠠ ᠨᠢᠬᠡᠳᠤᠯᠳᠠᠢ ᠲᠦᠯᠤᠪᠵᠢᠬᠦᠯᠤᠨ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠢᠳᠡᠪᠬᠢᠳᠠᠢ ᠠᠬᠢᠭᠤᠯᠵᠤ᠂ ᠤᠳᠤ ᠦᠶ᠎ᠠ ᠶᠢᠨ ᠮᠠᠯ ᠠᠵᠥ ᠠᠬᠤᠢ ᠲᠠᠷᠢᠶᠠᠯᠠᠩ ᠢ ᠲᠦᠷᠬᠡᠳᠬᠡᠨ ᠬᠦᠭᠵᠢᠬᠦᠯᠵᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠤᠬᠡᠨ ᠪᠠᠶᠢᠭᠤᠯᠤᠯᠳᠠ ᠶᠢ ᠶᠡᠬᠡᠪᠡᠷ ᠠᠬᠢᠭᠤᠯᠤᠨ ᠬᠤᠳᠠ ᠬᠦᠳᠡᠭᠡ ᠬᠠᠮᠳᠤᠪᠡᠷ ᠴᠡᠴᠡᠭᠯᠡᠨ ᠬᠦᠭᠵᠢᠬᠦ ᠶᠢ ᠠᠬᠢᠭᠤᠯᠬᠤ ᠭᠡᠷᠡᠭᠳᠠᠢ᠃ ᠠᠷᠠᠳ ᠤᠨ ᠠᠮᠢᠳᠤᠷᠠᠯ ᠢ ᠴᠢᠨᠠᠬᠰᠢᠳᠠ ᠪᠠᠳᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠵᠤ᠂ ᠠᠵᠢᠯ ᠤᠯᠭᠤᠯᠳᠠ᠂ ᠰᠤᠷᠭᠠᠨ ᠬᠦᠮᠤᠵᠢᠯ᠂ ᠡᠮ ᠡᠮᠨᠡᠯᠬᠡ᠂ ᠰᠤᠶᠤᠯ ᠪᠤᠯᠤᠨ ᠨᠡᠶᠢᠬᠡᠮ ᠤᠨ ᠪᠠᠳᠤᠯᠠᠪᠤᠷᠢ ᠵᠡᠷᠬᠡ ᠡᠯ᠎ᠠ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠬᠢᠵᠤ᠂ ᠲᠦᠬᠦᠮ ᠪᠦᠳᠤᠴᠠᠳᠤ ᠤᠷᠤᠨ ᠰᠠᠭᠤᠴᠠ ᠪᠠ ᠬᠤᠳᠠ ᠶᠢᠨ ᠲᠤᠮᠳᠠᠬᠢ ᠲᠤᠰᠬᠤᠨ ᠢ ᠰᠢᠨᠡᠳᠬᠡᠨ ᠵᠠᠰᠠᠬᠤ ᠠᠵᠢᠯ ᠢ ᠬᠦᠴᠤᠯᠠᠨ ᠰᠠᠶᠢᠳᠤᠷ ᠠᠳᠬᠤᠵᠤ᠂ ᠦᠨᠳᠤᠰᠤᠳᠠᠨ ᠨᠦᠭᠦᠳ ᠤᠨ ᠤᠯᠠᠨ ᠲᠦᠮᠡᠨ ᠤ ᠪᠤᠶᠠᠨ ᠵᠢᠷᠭᠠᠯ ᠢ ᠲᠠᠰᠤᠷᠠᠯᠳᠠ ᠦᠬᠡᠢ ᠨᠡᠮᠡᠭᠳᠡᠬᠦᠯᠬᠦ ᠭᠡᠷᠡᠭᠳᠠᠢ᠃ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢ ᠴᠢᠨᠠᠬᠰᠢᠳᠠ ᠴᠢᠩᠭᠠᠳᠬᠠᠨ ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠬᠦᠮᠤᠵᠢᠯ ᠪᠤᠯᠤᠨ ᠡᠬᠦᠳᠤᠯᠳᠠ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠬᠠᠤᠯᠢᠵᠢᠯ ᠦᠪᠤᠷ ᠮᠤᠩᠭᠤᠯ ᠪᠤᠯᠤᠨ ᠠᠮᠤᠷ ᠠᠮᠤᠭᠤᠯᠠᠩ ᠦᠪᠤᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠡᠬᠡ ᠤᠯᠤᠰ ᠤᠨ ᠤᠮᠠᠷᠠᠳᠤ ᠶᠢᠨ ᠠᠮᠤᠷ ᠲᠤᠭᠳᠠᠭᠤᠨ ᠤ ᠬᠠᠯᠬᠠᠪᠴᠢ ᠶᠢ ᠲᠠᠰᠤᠷᠠᠯᠳᠠ ᠦᠬᠡᠢ ᠪᠠᠳᠤᠳᠬᠠᠨ ᠪᠠᠬᠢᠵᠢᠬᠦᠯᠬᠦ ᠭᠡᠷᠡᠭᠳᠠᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠨᠠᠬᠰᠢᠳᠠ ᠨᠠᠶᠢᠳᠠᠪᠤᠷᠢᠵᠢᠭᠤᠯᠤᠨ 《ᠬᠤᠶᠠᠷ ᠢ ᠰᠤᠷᠤᠯᠴᠠᠵᠤ ᠨᠢᠬᠡ ᠳᠤ ᠲᠡᠩᠴᠡᠬᠦᠯᠬᠦ》 ᠰᠤᠷᠤᠯᠴᠠᠯᠭ᠎ᠠ ᠬᠦᠮᠤᠵᠢᠯ ᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨᠵᠢᠯᠡᠬᠦ ᠤᠬᠠᠭᠠᠨᠴᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠠᠢ ᠬᠡᠪᠡ᠃

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠸᠠᠩ ᠪᠦᠸᠧ᠂ ᠪᠠᠢ ᠰᠢᠶᠠᠩ ᠴᠢᠶᠦ᠋ᠨ᠂ ᠸᠠᠩ ᠬᠤᠸᠠᠨ ᠴᠧᠩ ᠤᠷᠢᠳ ᠬᠤᠵᠢᠳ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701119672415