蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠦᠪᠦᠷ ᠮᠤᠩᠭᠤᠯ ᠤᠨ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠠ ᠬᠢᠪᠡ

2016-10-09 11:41

    10 ᠰᠠᠷ᠎ᠠ ᠶᠢᠨ 7 ᠡᠴᠡ 8 ᠤ ᠡᠳᠤᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠤ ᠪᠡᠨ᠂ ᠲᠠᠪᠤᠨ ᠶᠡᠭᠡ ᠬᠦᠭᠵᠢᠯᠳᠠ ᠶᠢᠨ ᠤᠢᠢᠯᠠᠭᠠᠬᠳᠠᠬᠤᠨ ᠢ ᠪᠠᠷᠢᠮᠳᠠᠯᠠᠨ ᠰᠢᠨ᠎ᠠ ᠬᠡᠯᠪᠡᠷᠢ ᠶᠢᠨ ᠠᠵᠤ ᠤᠢᠢᠯᠡᠰᠵᠢᠯᠳᠠ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠳᠤᠯ ᠦᠬᠡᠢ ᠬᠦᠭᠵᠢᠯᠳᠡ ᠶᠢ ᠵᠡᠷᠬᠡᠪᠡᠷ ᠬᠦᠭᠵᠢᠬᠦᠯᠵᠤ᠂ ᠠᠮᠢ ᠠᠬᠤᠢ ᠬᠡᠬᠦ ᠬᠤᠷᠢᠭ᠎ᠠ ᠱᠤᠭᠤᠮ ᠢ ᠪᠠᠳᠤ ᠰᠠᠬᠢᠨ ᠬᠦᠭᠵᠢᠯᠳᠠ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠬ ᠢ ᠦᠨᠡᠨᠬᠦ ᠲᠡᠭᠡᠭᠰᠢᠯᠡᠬᠦᠯᠵᠤ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠳᠤᠴᠠ ᠶᠢ ᠲᠤᠬᠢᠷᠠᠭᠤᠯᠬᠤ᠂ ᠦᠬᠡᠷᠡᠴᠢᠯᠠᠯᠳᠠ ᠶᠢ ᠠᠬᠢᠭᠤᠯᠬᠤ ᠪᠠ ᠠᠷᠠᠳ ᠲᠤ ᠠᠰᠢᠬ ᠬᠦᠷᠳᠡᠬᠡᠬᠦ ᠲᠠᠯ᠎ᠠ ᠪᠠᠷ ᠲᠠᠰᠤᠷᠠᠯᠳᠠ ᠦᠬᠡᠢ ᠰᠢᠨ᠎ᠠ ᠦᠷ᠎ᠠ ᠪᠦᠳᠤᠮᠵᠢ ᠤᠯᠬᠤ ᠪᠠᠷ ᠴᠢᠷᠮᠠᠶᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠤ᠂ ᠵᠤᠷᠢᠬᠳᠠᠢ ᠪᠠᠷ ᠡᠬᠦᠷᠬᠡᠯᠠᠵᠤ᠂ ᠬᠦᠴᠢᠷ ᠢ ᠲᠤᠭᠤᠯᠤᠨ ᠪᠡᠷᠬᠡ ᠶᠢ ᠲᠠᠪᠠᠵᠤ᠂ ᠠᠷᠠᠳ ᠢ ᠪᠠᠶᠠᠵᠢᠭᠤᠯᠵᠤ ᠬᠤᠳᠠ ᠪᠠᠨ ᠬᠦᠴᠦᠷᠬᠡᠭᠵᠢᠬᠦᠯᠬᠦ ᠶᠢ ᠬᠦᠴᠦᠯᠡᠨ ᠪᠡᠶᠡᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃

    ᠵᠤᠦ ᠹᠧᠩ ᠪᠤᠷᠤᠳᠤᠬᠤᠢ ᠭᠤᠯᠢᠷ ᠤᠨ ᠬᠢᠵᠠᠭᠠᠷᠳᠤ ᠺᠤᠮᠫᠠᠨᠢ ᠳᠤ᠂ ᠯᠢ ᠵᠢᠢ ᠡᡁᠧᠩ ᠠᠵᠤ ᠠᠬᠤᠢᠢᠯᠠᠯ ᠤᠨ ᠤᠢᠢᠯᠡᠳᠪᠤᠷᠢᠯᠠᠯ ᠤᠨ ᠲᠠᠰᠤᠬ ᠢᠶᠠᠷ ᠲᠤᠭᠤᠷᠢᠨ ᠦᠵᠡᠵᠤ᠂ ᠴᠢᠯᠠᠭᠤᠨ ᠲᠡᠭᠡᠷᠮ᠎ᠠ ᠪᠠᠷ ᠭᠤᠯᠢᠷ ᠲᠡᠭᠡᠷᠮᠡᠳᠡᠬᠦ ᠲᠦᠰᠦᠯ ᠤᠨ ᠪᠦᠳᠤᠬᠡᠨ ᠪᠠᠶᠢᠭᠤᠯᠤᠯᠳᠠ ᠪᠤᠯᠤᠨ ᠤᠢᠢᠯᠡᠳᠬᠦᠨ ᠤ ᠦᠪᠡᠷᠮᠢᠴᠠ ᠴᠢᠨᠠᠷ ᠢ ᠤᠢᠢᠯᠠᠭᠠᠪᠠ᠃ ᠳᠤᠰ ᠺᠤᠮᠫᠠᠨᠢ  ᠨᠢ ᠲᠤᠬᠠᠢ ᠶᠢᠨ ᠤᠷᠤᠨ ᠤ ᠲᠠᠭᠠᠭᠤᠯᠤᠬᠴᠢ ᠠᠵᠤ ᠠᠬᠤᠢᠢᠯᠠᠯ ᠪᠠᠶᠢᠵᠤ᠂ 《ᠺᠤᠮᠫᠠᠨᠢ + ᠰᠠᠭᠤᠷᠢᠨ + ᠲᠠᠷᠢᠶᠠᠯᠠᠬᠤ ᠡᠷᠤᠬᠡ》 ᠶ᠋ᠢᠨ ᠠᠵᠤ ᠠᠬᠤᠢᠢᠯᠠᠯ ᠬᠢᠬᠡᠳ ᠲᠠᠷᠢᠶᠠᠯᠠᠬᠤ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠨᠢᠬᠡᠨᠳᠡ ᠪᠤᠢ ᠪᠤᠯᠭᠠᠭᠰᠠᠨ ᠢ ᠮᠡᠳᠡᠬᠡᠳ ᠯᠢ ᠵᠢᠢ ᠡᡁᠧᠩ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠳᠤ ᠨᠢᠬᠡ ᠭᠠᠵᠠᠷ ᠤᠷᠤᠨ᠂ ᠨᠢᠬᠡ ᠴᠦᠬᠡᠨ ᠲᠤᠭᠠᠳᠤ ᠦᠨᠳᠤᠰᠤᠳᠠᠨ ᠢ ᠴᠤ ᠡᠩᠨᠡᠭᠡ ᠠᠴᠠ ᠪᠠᠨ ᠦᠯᠤ ᠬᠤᠴᠤᠷᠭᠠᠬᠤ ᠪᠤᠯ ᠨᠠᠮ ᠤᠨ ᠲᠦᠪ ᠬᠤᠷᠢᠶ᠎ᠠ ᠠᠴᠠ ᠪᠦᠬᠦ ᠤᠯᠤᠰ ᠤᠨ ᠠᠷᠠᠳ ᠲᠦᠮᠡᠨ ᠳᠤ ᠠᠮᠠᠯᠠᠬᠰᠠᠨ ᠲᠦᠪ ᠴᠢᠩᠭ᠎ᠠ ᠠᠮᠠᠯᠠᠯᠳᠠ ᠮᠦᠨ᠃ ᠡᠯ᠎ᠠ ᠱᠠᠳᠤ ᠡᠯ᠎ᠠ ᠭᠠᠵᠠᠷ ᠤᠨ ᠬᠢᠨ ᠡᠷᠬᠡᠪᠰᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠠᠷᠠᠳ ᠤᠨ ᠠᠮᠢᠳᠤᠷᠠᠯ ᠤᠨ ᠲᠡᠷᠢᠬᠦᠨ ᠴᠢᠬᠤᠯᠠ ᠢᠨᠵᠧᠨᠧᠷᠢᠩ ᠪᠤᠯᠭᠠᠨ ᠠᠳᠬᠤᠵᠤ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠵᠤ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠦᠨᠳᠤᠰᠤᠨ ᠠᠷᠭ᠎ᠠ ᠪᠤᠳᠤᠯᠭ᠎ᠠ ᠶᠢ ᠪᠠᠷᠢᠮᠳᠠᠯᠠᠵᠤ᠂ ᠬᠦᠮᠤᠨ ᠪᠤᠯᠤᠨ ᠭᠠᠵᠠᠷ ᠤᠷᠤᠨ ᠢ ᠦᠨᠳᠤᠰᠤᠯᠠᠨ ᠲᠦᠷᠤ ᠶᠢᠨ ᠪᠤᠳᠤᠯᠭ᠎ᠠ ᠶᠢ ᠭᠡᠷᠡᠭᠵᠢᠬᠦᠯᠵᠤ᠂ 《ᠲᠠᠪᠤᠨ ᠨᠢᠬᠡ ᠪᠦᠯᠦᠭ》 ᠤ᠋ᠨ ᠠᠷᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠨᠢᠬᠡ ᠡᠷᠤᠬᠡ ᠨᠢᠬᠡ ᠬᠦᠮᠤᠨ ᠢ ᠴᠤ ᠭᠤᠭᠤᠵᠢᠭᠤᠯᠬᠤ ᠦᠬᠡᠢ ᠪᠠᠶᠢᠬᠤ ᠶᠢ ᠪᠠᠳᠤᠯᠠᠬᠤ ᠭᠡᠷᠡᠭᠳᠠᠢ ᠬᠡᠵᠤ ᠵᠢᠭᠠᠵᠤ ᠭᠠᠷᠭᠠᠵᠠᠢ᠃

    ᠪᠤᠷᠤᠲᠤᠬᠤᠢ ᠠᠷᠢᠬᠢᠨ ᠤ ᠦᠢᠯᠡᠰ ᠤᠨ ᠪᠦᠯᠦᠭᠯᠡᠯ ᠳᠤ᠂ ᠯᠢ ᠵᠢᠢ ᠾᠧᠩ ᠠᠵᠦ ᠠᠬᠤᠢᠢᠯᠠᠯ ᠤᠨ ᠦᠢᠯᠡᠳᠪᠤᠷᠢᠯᠡᠯ ᠤᠨ ᠴᠢᠳᠠᠪᠤᠷᠢ᠂ ᠮᠡᠷᠭᠡᠵᠢᠯ ᠤᠨ ᠲᠤᠯᠭᠠᠭᠤᠷᠢᠯᠠᠯ᠂ ᠦᠢᠯᠡᠳᠬᠦᠨ ᠤ ᠲᠦᠷᠦᠯ ᠵᠦᠢᠯ᠂ ᠦᠢᠯᠡᠳᠬᠦᠨ ᠤ ᠦᠷᠲᠡᠭ ᠵᠢᠴᠢ ᠠᠰᠢᠭ ᠭᠠᠶᠢᠯᠢ ᠪᠤᠯᠤᠨ ᠤᠯᠤᠭᠰᠠᠨ ᠢᠷᠠᠭᠤ ᠠᠯᠳᠠᠷ ᠵᠡᠷᠭᠡ ᠦᠢᠯᠡᠳᠪᠤᠷᠢᠯᠡᠯ ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠠᠲᠤᠨ ᠭᠤᠤᠯ ᠤᠨ ᠤᠰᠤᠨ ᠠᠰᠢᠬᠯᠠᠯᠲᠠ ᠶᠢᠨ ᠰᠤᠶᠤᠯ ᠤᠨ ᠮᠦᠽᠧᠢ ᠳᠤ᠂ ᠯᠢ ᠵᠢᠢ ᠾᠧᠩ ᠬᠠᠲᠤᠨ ᠭᠤᠤᠯ ᠤᠨ ᠰᠠᠪᠠ ᠭᠠᠵᠠᠷ ᠵᠢᠴᠢ ᠪᠤᠷᠤᠲᠤᠬᠤᠢ ᠶᠢᠨ ᠤᠰᠤᠯᠠᠯᠲᠠ ᠶᠢᠨ ᠤᠷᠤᠨ ᠤ ᠬᠡᠷᠡᠯ ᠰᠠᠴᠤᠷᠠᠩᠭᠤᠢ ᠤᠰᠤᠨ ᠠᠰᠢᠬᠯᠠᠯᠲᠠ ᠶᠢᠨ ᠰᠤᠶᠤᠯ ᠪᠤᠯᠤᠨ ᠦᠶ᠎ᠡ ᠤᠯᠠᠮᠵᠢᠯᠠᠭᠰᠠᠨ ᠤᠰᠤᠨ ᠠᠰᠢᠬᠯᠠᠯᠲᠠ ᠶᠢᠨ ᠦᠢᠯᠡᠰ ᠢ ᠨᠠᠷᠢᠨ ᠨᠢᠮᠪᠠᠢ ᠤᠢᠢᠯᠠᠭᠠᠭᠰᠠᠨ ᠪᠠᠶᠢᠨ᠎ᠠ᠃

    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢ ᠵᠢᠢ ᠾᠧᠩ ᠪᠠᠶᠠᠨᠨᠠᠭᠤᠷ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠲᠡᠷᠡ᠂ ᠪᠤᠬᠢᠷᠳᠤᠯ ᠦᠭᠡᠢ ᠬᠦᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠨ ᠲᠡᠷᠢᠭᠦᠨ ᠳᠤ ᠨᠢ ᠭᠠᠷᠬᠤ ᠪᠠᠷ ᠨᠢᠭᠡ ᠰᠡᠳᠭᠢᠯ ᠢᠶᠠᠷ ᠴᠢᠷᠮᠠᠶᠢᠨ ᠲᠡᠮᠡᠴᠡᠵᠦ᠂ ᠡᠳ᠋ ᠤᠨ ᠵᠠᠰᠠᠭ ᠤᠨ ᠡᠷᠡᠬᠦᠯ ᠲᠤᠭᠲᠠᠭᠤᠨ ᠬᠦᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠠᠢ᠃ ᠪᠤᠬᠢᠷᠳᠤᠯ ᠦᠭᠡᠢ ᠪᠷᠧᠨ᠋ᠳ᠋ ᠢ ᠡᠭᠦᠳᠴᠤ᠂ ᠤᠷᠤᠨ ᠲᠠᠶᠠᠭᠠᠷ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠬᠦᠯᠵᠤ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠤ ᠬᠤᠰᠢᠭᠤᠴᠢ ᠪᠠᠶᠢᠯᠳᠤᠭᠴᠢ ᠪᠤᠯᠵᠦ᠂ ᠲᠠᠷᠢᠶᠠᠯᠠᠩ ᠤᠨ ᠤᠰᠤᠨ ᠠᠰᠢᠬᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠢᠲᠡᠪᠬᠢᠲᠠᠢ ᠠᠬᠢᠭᠤᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠤᠨ ᠲᠠᠭᠠᠭᠤᠯᠤᠭᠴᠢ ᠠᠵᠦ ᠠᠬᠤᠢᠢᠯᠠᠯ ᠬᠢᠬᠡᠳ ᠮᠠᠯᠵᠢᠬᠤ ᠲᠠᠷᠢᠶᠠᠯᠠᠬᠤ ᠡᠷᠦᠬᠡ ᠶᠢᠨ ᠠᠰᠢᠬ ᠲᠤᠰᠠ ᠶᠢᠨ ᠬᠤᠯᠪᠤᠭᠠᠨ ᠤ ᠲᠤᠭᠲᠠᠴᠠ ᠶᠢ ᠤᠯᠠᠮ ᠲᠡᠭᠦᠯᠳᠡᠷᠵᠢᠭᠦᠯᠵᠦ᠂ ᠴᠠᠬᠢᠮ ᠬᠤᠳᠠᠯᠳᠤᠭᠠᠨ ᠤ ᠶᠠᠪᠤᠳᠠᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠪᠤᠯᠤᠨ ᠴᠠᠬᠢᠮ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠲᠠ ᠶᠢ ᠴᠢᠷᠮᠠᠶᠢᠨ ᠠᠬᠢᠭᠤᠯᠬᠤ ᠬᠡᠷᠡᠭᠲᠠᠢ᠃ ᠤᠨᠴᠠᠯᠢᠬᠲᠦ ᠵᠠᠮ ᠢᠶᠠᠷ ᠵᠠᠮᠨᠠᠨ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠲᠡ ᠶᠢ ᠠᠬᠢᠭᠤᠯᠵᠦ᠂ ᠠᠵᠦ ᠦᠢᠯᠡᠰ ᠤᠨ ᠪᠠᠶᠢᠷᠢᠰᠢᠯ ᠤᠨ ᠲᠤᠬᠢᠷᠠᠭᠤᠯᠤᠯᠲᠠ ᠶᠢ ᠲᠦᠷᠭᠡᠳᠭᠡᠨ ᠠᠵᠦ ᠦᠢᠯᠡᠰ ᠤᠨ ᠲᠦᠪᠯᠡᠷᠡᠬᠦ ᠬᠡᠮᠵᠢᠶ᠎ᠡ ᠪᠤᠯᠤᠨ ᠠᠵᠦ ᠠᠬᠤᠢᠢᠯᠠᠯ ᠤᠨ ᠦᠷᠢᠰᠦᠯᠳᠦᠬᠦ ᠴᠢᠳᠠᠪᠤᠷᠢ ᠶᠢ ᠲᠡᠭᠡᠭᠰᠢᠯᠡᠭᠦᠯᠵᠦ᠂ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠳᠡᠬᠦᠨ ᠢ ᠡᠳ᠋ᠰᠢᠭᠦᠯᠬᠦ ᠵᠡᠷᠭᠡ ᠠᠵᠦ ᠦᠢᠯᠡᠰ ᠢ ᠦᠭᠡᠷᠡᠴᠢᠯᠡᠨ ᠲᠡᠰ ᠲᠠᠪᠰᠢᠬᠦᠯᠵᠤ᠂ ᠨᠠᠷᠢᠯᠢᠭ ᠡᠳ᠋ᠰᠢᠬᠦᠯᠤᠯᠳᠠ ᠶᠢᠨ ᠦᠢᠯᠡᠰ ᠢ ᠢᠳᠡᠪᠬᠢᠳᠠᠢ ᠬᠦᠭᠵᠢᠬᠦᠯᠦᠨ ᠠᠵᠦ ᠠᠬᠤᠢᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠰᠢᠬᠯᠠᠬᠤ ᠲᠦᠪᠰᠢᠨ ᠢᠶᠠᠨ ᠲᠡᠭᠡᠭᠰᠢᠯᠡᠬᠦᠯᠬᠦ ᠶᠢ ᠨᠢ ᠲᠡᠮᠵᠢᠬᠦ ᠬᠡᠷᠡᠭᠲᠠᠢ ᠬᠡᠵᠤ ᠴᠢᠬᠤᠯᠠᠴᠢᠯᠠᠪᠠ᠃

    ᠯᠢ ᠵᠢᠢ ᠾᠧᠩ ᠪᠠᠰᠠ᠂ ᠠᠮᠢ ᠠᠬᠤᠢ ᠶᠢᠨ ᠤᠷᠴᠢᠨ ᠲᠤᠭᠤᠷᠢᠨ ᠪᠤᠯᠤᠨ ᠳᠡᠳ᠋ ᠪᠦᠲᠦᠭᠡᠨ ᠪᠦᠳᠦᠴᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠨ᠂ ᠭᠠᠳᠠᠭᠠᠳᠦ ᠨᠡᠭᠡᠭᠡᠯᠲᠡ ᠶᠢ ᠦᠷᠭᠡᠳᠭᠡᠵᠦ᠂ ᠬᠦᠭᠵᠢᠯᠲᠡ ᠶᠢᠨ ᠵᠠᠭᠠᠮᠵᠢ ᠬᠦᠴᠦᠨ ᠪᠤᠯᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠠᠢ᠃ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ ᠠᠵᠢᠯ ᠢ ᠨᠢᠭᠡᠳᠦᠯᠲᠠᠢ ᠲᠦᠯᠦᠪᠵᠢᠬᠦᠯᠦᠨ ᠰᠠᠶᠢᠲᠤᠷ ᠠᠳᠬᠤᠵᠦ᠂ ᠤᠳᠤᠬᠢᠴᠢᠯᠠᠭᠰᠠᠨ ᠪᠤᠰᠤᠭ᠎ᠠ ᠴᠤᠭᠴᠠᠲᠦ ᠵᠠᠮ ᠲᠡᠭᠡᠭᠡᠪᠤᠷᠢ ᠶᠢᠨ ᠰᠢᠰᠲ᠋ᠧᠮ ᠢ ᠴᠢᠷᠮᠠᠶᠢᠨ ᠪᠠᠶᠢᠭᠤᠯᠵᠦ᠂ ᠪᠤᠷᠤᠲᠤᠬᠤᠢ ᠶᠢᠨ ᠲᠠᠯ᠎ᠠ ᠭᠠᠵᠠᠷ ᠤᠨ ᠲᠠᠷᠢᠶᠠᠯᠠᠩ ᠤᠨ ᠤᠰᠤᠯᠠᠯᠲᠠ᠂ ᠤᠰᠤ ᠵᠠᠯᠠᠬᠤ ᠰᠢᠰᠲ᠋ᠧᠮ ᠤᠨ ᠦᠭᠡᠷᠡᠴᠢᠯᠡᠯᠲᠡ ᠪᠤᠯᠤᠨ ᠬᠠᠲᠤᠨ ᠭᠤᠤᠯ ᠤᠨ ᠬᠠᠰᠢᠯᠭ᠎ᠠ ᠲᠠᠯᠠᠩ ᠢ ᠦᠬᠡᠷᠡᠴᠢᠯᠡᠨ ᠵᠡᠷᠬᠡᠯᠡᠯ ᠲᠡᠪᠰᠢᠭᠦᠯᠬᠦ ᠢᠨᠵᠧᠨᠧᠷᠢᠩ ᠢ ᠰᠠᠶᠢᠲᠤᠷ ᠬᠢᠵᠦ᠂ ᠴᠠᠬᠢᠯᠭᠠᠨ ᠤ ᠲᠦᠰᠢᠭ ᠲᠤᠯᠭᠠᠭᠤᠷᠢᠯᠠᠯ ᠢ ᠴᠢᠩᠭᠠᠳᠬᠠᠨ ᠦᠢᠯᠡᠳᠪᠤᠷᠢᠯᠡᠯ ᠤᠨ ᠦᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠠᠢ᠃ ᠭᠠᠭᠴᠠᠮᠤᠲᠦ ᠪᠤᠭᠤᠮᠲᠠ ᠶᠢᠨ ᠥᠪᠡᠷᠳᠡᠭᠡᠨ ᠵᠠᠰᠠᠬᠤ ᠤᠷᠤᠨ ᠤ ᠵᠡᠷᠬᠡᠯᠡᠯ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠡᠬᠢᠯᠡᠬᠦᠯᠵᠦ᠂ ᠳᠤᠮᠳᠠᠳᠦ ᠮᠤᠩᠭᠤᠯ ᠤᠨ ᠵᠠᠬ᠎ᠠ ᠵᠡᠬᠡᠯᠢ ᠶᠢᠨ ᠬᠤᠳᠠᠯᠳᠤᠭᠠᠨ ᠤ ᠲᠤᠭᠤᠷᠢᠭ᠂ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠤᠷᠤᠨ ᠪᠦᠰᠡ ᠶᠢᠨ ᠬᠠᠮᠵᠢᠯᠴᠠᠭ᠎ᠠ ᠶᠢ ᠠᠬᠢᠭᠤᠯᠤᠨ ᠬᠦᠬᠡᠬᠤᠲᠠ ᠪᠤᠭᠤᠲᠦ ᠢᠷᠭᠠᠢ ᠲᠠᠮᠡᠬᠡᠳᠤ ᠶᠢᠨ ᠡᠳ᠋ ᠤᠨ ᠵᠠᠰᠠᠭ ᠤᠨ ᠪᠦᠰᠡ ᠳᠤ ᠭᠦᠨᠵᠡᠭᠡᠢ ᠠᠭᠤᠰᠤᠯᠴᠠᠨ ᠤᠷᠤᠵᠦ᠂ ᠪᠡᠭᠡᠵᠢᠩ ᠲᠢᠶᠠᠨᠵᠢᠨ ᠾᠧᠪᠧᠢ᠂ ᠬᠦᠬᠡᠨᠮᠦ᠋ᠷᠡᠨ ᠤ ᠭᠤᠷᠪᠠᠯᠵᠢᠨ᠂ ᠵᠦᠵᠢᠶᠠᠩ ᠤᠨ ᠭᠤᠷᠪᠠᠯᠵᠢᠨ ᠬᠤᠶᠢᠭ ᠵᠡᠷᠭᠡ ᠭᠠᠵᠠᠷ ᠤᠷᠤᠨ ᠯᠤᠭ᠎ᠠ ᠶᠢᠨ ᠬᠠᠮᠲᠤ ᠶᠢᠨ ᠠᠵᠢᠯᠯᠠᠭ᠎ᠠ ᠪᠡᠨ ᠡᠷᠴᠢᠮᠵᠢᠬᠦᠯᠵᠤ᠂ ᠤᠯᠠᠨ ᠤᠯᠤᠰ ᠤᠨ ᠤᠷᠤᠨ ᠪᠦᠰᠡ ᠶᠢᠨ ᠬᠠᠮᠲᠤ ᠶᠢᠨ ᠠᠵᠢᠯᠯᠠᠭᠠᠨ ᠳᠤ ᠢᠲᠡᠪᠬᠢᠲᠠᠢ ᠤᠷᠤᠯᠴᠠᠬᠤ ᠬᠡᠷᠡᠭᠲᠠᠢ ᠬᠡᠵᠤ ᠴᠢᠬᠤᠯᠠᠴᠢᠯᠠᠵᠠᠢ᠃

    ᠯᠢ ᠵᠢᠢ ᠾᠧᠩ᠂ ᠢᠷᠬᠡᠳ ᠢᠶᠡᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠷᠢᠮᠲᠠᠯᠠᠨ ᠢᠷᠬᠡᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠬᠦᠷᠲᠡᠮᠵᠢ ᠶᠢᠨ ᠲᠦᠷᠦᠭᠳᠡᠯ ᠪᠤᠯᠤᠨ ᠵᠢᠷᠭᠠᠯᠲᠦ ᠲᠦᠷᠦᠭᠳᠡᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠦᠮᠦᠵᠢᠯ᠂ ᠡᠮ ᠡᠮᠨᠡᠯᠭᠡ᠂ ᠰᠤᠶᠤᠯ᠂ ᠪᠡᠶ᠎ᠠ ᠶᠢᠨ ᠲᠠᠮᠢᠷ ᠵᠡᠷᠭᠡ ᠡᠯ᠎ᠠ ᠰᠠᠯᠪᠤᠷᠢ ᠶᠢᠨ ᠨᠡᠶᠢᠭᠡᠮ ᠤᠨ ᠠᠵᠢᠯ ᠦᠢᠯᠡᠰ ᠤᠨ ᠬᠦᠭᠵᠢᠯᠲᠠ ᠶᠢ ᠲᠦᠷᠭᠡᠳᠭᠡᠵᠤ᠂ ᠬᠤᠲᠠ ᠬᠦᠳᠡᠭᠡ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠦᠢᠯᠡᠰ ᠪᠤᠰᠬᠠᠬᠤ ᠪᠠᠷ ᠠᠵᠢᠯ ᠤᠨ ᠪᠠᠶᠢᠷᠢ ᠬᠠᠩᠭᠠᠬᠤ ᠶᠢ ᠠᠬᠢᠭᠤᠯᠬᠤ ᠪᠠ ᠬᠤᠲᠠ ᠬᠦᠳᠡᠭᠡ ᠶᠢᠨ ᠰᠠᠭᠤᠭᠠᠯᠢ ᠢᠷᠬᠡᠳ ᠤᠨ ᠤᠷᠤᠯᠭ᠎ᠠ ᠶᠢ ᠨᠡᠮᠡᠭᠳᠡᠭᠦᠯᠬᠦ ᠵᠡᠷᠭᠡ ᠢᠷᠬᠡᠳ ᠤᠨ ᠠᠮᠢᠵᠢᠷᠭᠠᠨ ᠤ ᠳᠦᠰᠦᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠦᠨᠳᠦᠰᠦᠲᠡᠨ ᠤ ᠨᠢᠬᠡᠳᠦᠯ ᠲᠠᠪᠰᠢᠯᠳᠠ ᠶᠢ ᠪᠠᠷᠢᠮᠲᠠᠯᠠᠨ ᠨᠡᠶᠢᠭᠡᠮ ᠤᠨ ᠲᠤᠭᠳᠠᠭᠤᠨ ᠢ ᠦᠨᠡᠨᠬᠦ ᠬᠠᠮᠠᠭᠠᠯᠠᠵᠤ᠂ ᠡᠬᠡ ᠤᠯᠤᠰ ᠤᠨ ᠤᠮᠠᠷᠠᠲᠦ ᠬᠢᠯᠢ ᠶᠢᠨ ᠠᠶᠤᠯᠬᠦᠢ ᠲᠤᠭᠳᠠᠭᠤᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠤ ᠨᠢᠬᠡᠳᠦᠯ ᠢ ᠴᠢᠩᠭᠠᠳᠬᠠᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠤ᠂ ᠶᠡᠷᠤᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠢᠷᠬᠡᠨ ᠳᠤ ᠲᠠᠯᠪᠢᠭᠰᠠᠨ《ᠬᠠᠷᠢᠯᠴᠠᠨ ᠳᠤᠰᠠᠯᠠᠯᠴᠠᠵᠤ ᠰᠠᠬᠢᠨ ᠪᠠᠷᠠᠯᠠᠶ᠎ᠠ》ᠭᠡᠬᠦ ᠨᠠᠨᠳᠢᠨ ᠬᠦᠰᠡᠯ ᠢ ᠪᠤᠳᠠᠳᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯᠡᠰ ᠤᠨ ᠠᠶᠤᠯᠬᠦᠢ᠂ ᠵᠠᠮ ᠬᠠᠷᠢᠯᠴᠠᠭ᠎ᠠ ᠶᠢᠨ ᠠᠶᠤᠯᠬᠦᠢ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠤ᠂ ᠰᠢᠨ᠎ᠠ ᠪᠠᠶᠢᠳᠠᠯ ᠳᠤᠤᠷᠠᠬᠢ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠤᠯᠠᠨ ᠲᠦᠮᠡᠨ ᠤ ᠠᠰᠢᠭ ᠲᠤᠰᠠ ᠲᠠᠢ ᠬᠤᠯᠪᠤᠭᠳᠠᠬᠤ ᠪᠤᠳᠠᠳᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠤ᠂ ᠬᠠᠤᠯᠢᠵᠢᠯ ᠤᠨ ᠦᠪᠦᠷ ᠮᠤᠩᠭᠤᠯ᠂ ᠠᠮᠤᠷ ᠲᠤᠭᠳᠠᠭᠤᠨ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠤᠰᠤᠭ᠎ᠠ ᠴᠤᠭᠴᠠᠲᠦ ᠨᠡᠶᠢᠭᠡᠮ ᠤᠨ ᠠᠶᠤᠯᠬᠦᠢ ᠶᠢ ᠬᠠᠮᠠᠭᠠᠯᠠᠵᠤ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠳᠤ ᠡᠷᠡᠰ ᠬᠠᠳᠠᠭᠤ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠨ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠵᠤ᠂ 《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ》ᠰᠤᠷᠤᠯᠴᠠᠯᠭ᠎ᠠ ᠬᠦᠮᠦᠵᠢᠯ ᠢ ᠰᠠᠶᠢᠲᠤᠷ ᠠᠳᠬᠤᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠦ ᠶᠢ ᠴᠢᠩᠭᠠᠳᠬᠠᠨ ᠵᠦᠪ ᠤᠨᠤᠪᠴᠢᠳᠠᠢ ᠪᠠᠷ ᠬᠦᠮᠦᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠨᠠᠮ ᠪᠤᠯᠤᠨ ᠠᠷᠠᠳ ᠲᠦᠮᠡᠨ ᠤ ᠬᠡᠷᠡᠭᠰᠡᠬᠦ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠲᠠᠢ ᠰᠠᠶᠢᠨ ᠺᠠᠳ᠋ᠷ ᠢ ᠬᠦᠮᠦᠵᠢᠬᠦᠯᠵᠤ ᠰᠤᠩᠭᠤᠨ ᠲᠡᠪᠰᠢᠬᠦᠯᠬᠦ ᠬᠡᠷᠡᠭᠲᠡᠢ᠃ ᠰᠠᠬᠢᠯᠭ᠎ᠠ ᠪᠠᠲᠦ ᠶᠢ ᠬᠦᠨᠳᠦ ᠨᠤᠴᠢᠲᠠᠢ ᠵᠦᠷᠢᠴᠡᠭᠰᠡᠨ ᠬᠡᠷᠡᠭ ᠤᠨ ᠬᠠᠷᠠᠰᠠᠯᠲᠦ ᠰᠤᠷᠭᠠᠮᠵᠢ ᠶᠢ ᠠᠪᠴᠦ᠂ ᠨᠢᠭᠡ ᠲᠠᠯ᠎ᠠ ᠪᠠᠷ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢ ᠠᠳᠬᠤᠨ ᠨᠦᠭᠦᠭᠡ ᠲᠠᠯ᠎ᠠ ᠪᠠᠷ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠳᠬᠤᠵᠤ᠂ ᠺᠠᠳ᠋ᠷ ᠲᠦᠪ ᠰᠢᠳᠤᠷᠭᠤ᠂ ᠵᠠᠰᠠᠭ ᠤᠨ ᠤᠷᠳᠤᠨ ᠠᠷᠢᠭᠤᠨ ᠴᠢᠭᠡᠴᠢ᠂ ᠤᠯᠤᠰ ᠲᠦᠷᠦ ᠠᠷᠢᠭᠤᠨ ᠲᠤᠩᠭᠠᠯᠠᠭ ᠪᠠᠶᠢᠬᠤ ᠶᠢ ᠪᠡᠶᠡᠯᠡᠭᠦᠯᠬᠦ ᠬᠡᠷᠡᠭᠲᠡᠢ ᠬᠡᠪᠡ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠯᠢᠦ ᠰᠢᠨ ᠯᠧ᠂ ᠸᠠᠩ ᠬᠤᠸᠠᠨ ᠴᠧᠩ ᠨᠠᠷ ᠪᠠᠷ᠎ᠠ ᠪᠤᠯᠵᠤ ᠪᠠᠶᠢᠴᠠᠭᠠᠨ ᠰᠤᠳᠤᠯᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701119679738