蒙古文网站Logo
ᠰᠢᠨᠬᠤᠸᠠ ᠮᠤᠩᠭ᠋ᠤᠯ ᠨᠧᠲ

ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠭᠠᠯᠢ ᠤᠷᠴᠢᠨ ᠬᠢᠬᠡᠳ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠤᠤᠯ ᠤᠨ ᠲᠡᠳ᠋ ᠡᠷᠬᠢᠯᠡᠭᠴᠢ ᠬᠡᠰᠢᠬᠦᠨ ᠪᠠᠢ ᠡᠧᠨ ᠫᠧᠢ ᠳᠤ ᠠᠯᠠᠬᠤ ᠶᠢ ᠬᠤᠶᠢᠰᠢᠯᠠᠭᠤᠯᠵᠤ ᠬᠡᠷᠡᠭᠵᠢᠬᠦᠯᠬᠦ ᠶᠠᠯ᠎ᠠ ᠤᠨᠤᠭᠠᠪᠠ

2016-10-09 18:02

    

    ᠰᠢᠨᠬᠤᠧᠠ ᠬᠤᠷᠢᠶ᠎ᠠ   ᠵᠧᠩᠵᠧᠤ ᠶᠢᠨ 10 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠬᠡ᠂ ᠡᠾᠧᠨᠠᠨ ᠮᠤᠵᠢ ᠶᠢᠨ ᠠᠨᠶᠠᠩ ᠬᠤᠳᠠ ᠶᠢᠨ ᠳᠤᠮᠳᠠᠳᠤ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ 9 ᠤ ᠡᠳᠦᠷ ᠢᠯᠡ ᠪᠡᠷ ᠰᠢᠬᠦᠯᠳᠡ ᠬᠢᠵᠤ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠭᠠᠯᠢ ᠤᠷᠴᠢᠨ ᠬᠢᠬᠡᠳ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠤᠤᠯ ᠤᠨ ᠲᠡᠳ᠋ ᠡᠷᠬᠢᠯᠡᠭᠴᠢ ᠬᠡᠰᠢᠬᠦᠨ ᠪᠠᠢ ᠡᠧᠨ ᠫᠧᠢ ᠳᠤ ᠠᠯᠠᠬᠤ ᠶᠠᠯ᠎ᠠ ᠤᠨᠤᠭᠠᠵᠤ᠂ 2 ᠵᠢᠯ ᠬᠤᠶᠢᠰᠢᠯᠠᠭᠤᠯᠤᠨ ᠬᠡᠷᠡᠭᠵᠢᠬᠦᠯᠬᠦ ᠪᠡᠷ ᠳᠤᠭᠳᠠᠵᠠᠢ᠃ ᠳᠡᠷᠡᠪᠡᠷ ᠳᠤᠮᠤ ᠠᠪᠯᠢᠭᠠᠯ ᠤᠨ ᠬᠡᠷᠡᠭ ᠲᠤ ᠬᠤᠯᠪᠤᠭᠳᠠᠵᠤ᠂ ᠮᠤᠨᠳᠠᠭ ᠶᠡᠬᠡ ᠡᠳ᠋ ᠬᠦᠷᠦᠩᠬᠡ ᠨᠢ ᠳᠤᠳᠤᠷᠬᠠᠢ ᠢᠷᠡᠯᠳᠡ ᠦᠬᠡᠢ ᠪᠤᠯᠬᠤᠷ ᠤᠯᠤᠰ ᠳᠦᠷᠦ ᠶᠢᠨ ᠡᠷᠬᠡ ᠶᠢ ᠨᠢ ᠨᠠᠰᠤᠨ ᠲᠤᠷᠰᠢ ᠬᠠᠰᠤᠵᠤ᠂ ᠠᠯᠠᠬᠤ ᠶᠠᠯ᠎ᠠ ᠶᠢ ᠬᠤᠶᠢᠰᠢᠯᠠᠭᠤᠯᠵᠤ ᠬᠡᠷᠡᠭᠵᠢᠬᠦᠯᠬᠦ 2 ᠵᠢᠯ ᠤᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠬᠠᠤᠯᠢ ᠶᠢᠨ ᠳᠠᠭᠠᠤ ᠨᠠᠰᠤ ᠪᠡᠷ ᠨᠢ ᠬᠤᠷᠢᠵᠤ᠂ ᠶᠠᠯ᠎ᠠ ᠶᠢ ᠨᠢ ᠬᠦᠩᠬᠡᠷᠡᠬᠦᠯᠬᠦ ᠪᠤᠶᠤ ᠪᠠᠳᠤᠯᠠᠨ ᠳᠠᠭᠠᠭᠠᠯᠳᠠ ᠪᠡᠷ ᠭᠠᠷᠭᠠᠵᠤ ᠪᠤᠯᠬᠤ ᠦᠬᠡᠢ᠃ ᠠᠪᠯᠢᠭᠠᠯᠠᠭᠰᠠᠨ ᠡᠳ᠋ ᠬᠦᠷᠦᠩᠬᠡ ᠪᠤᠯᠤᠨ ᠳᠤᠳᠤᠷᠬᠠᠢ ᠢᠷᠡᠯᠳᠡ ᠦᠬᠡᠢ ᠪᠦᠬᠦ ᠬᠦᠷᠦᠩᠬᠡ ᠶᠢ ᠨᠡᠬᠡᠮᠵᠢᠯᠡᠨ ᠬᠤᠷᠢᠶᠠᠵᠤ ᠤᠯᠤᠰ ᠤᠨ ᠬᠦᠮᠦᠷᠬᠡ ᠳᠤ ᠳᠤᠰᠢᠶᠠᠬᠤ ᠪᠡᠷ ᠪᠤᠯᠵᠠᠢ᠃

    2000 ᠤᠨ ᠡᠴᠡ 2013 ᠤᠨ ᠪᠤᠯᠳᠠᠯ᠎ᠠ᠂ ᠵᠠᠭᠠᠯᠳᠤᠭᠳᠠᠭᠴᠢ ᠪᠠᠢ ᠡᠧᠨ ᠫᠧᠢ ᠤᠷᠢᠳ ᠬᠤᠵᠢᠳ ᠬᠦᠬᠡᠨᠠᠭᠤᠷ ᠮᠤᠵᠢ ᠶᠢᠨ ᠨᠠᠮ ᠤᠨ ᠬᠤᠷᠢᠶᠠᠨ ᠤ ᠱᠦᠵᠢ᠂ ᠶᠦᠨᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠭᠠᠯᠢ ᠤᠷᠴᠢᠨ ᠬᠢᠬᠡᠳ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠳᠡᠳ᠋ ᠡᠷᠬᠢᠯᠡᠭᠴᠢ ᠬᠡᠰᠢᠬᠦᠨ ᠵᠡᠷᠬᠡ ᠠᠯᠪᠠᠨ ᠳᠤᠰᠢᠶᠠᠯ ᠢᠶᠡᠨ ᠤᠷᠪᠠᠭᠤᠯᠤᠨ ᠠᠰᠢᠭᠯᠠᠵᠤ᠂ ᠪᠤᠰᠤᠳ ᠤᠨ ᠤᠷᠤᠨ ᠰᠠᠭᠤᠴᠠ ᠶᠢᠨ ᠪᠠᠶᠢᠭᠤᠯᠤᠯᠳᠠ᠂ ᠠᠭᠤᠯᠠ ᠠᠭᠤᠷᠬᠠᠢ ᠶᠢᠨ ᠤᠯᠪᠤᠷᠢᠯᠠᠯᠳᠠ᠂ ᠵᠡᠷᠬᠡ ᠳᠤᠰᠢᠶᠠᠯ ᠤᠨ ᠳᠡᠪᠰᠢᠯᠳᠡ ᠵᠡᠷᠬᠡ ᠳᠤ ᠠᠰᠢᠭ ᠬᠠᠷᠠᠨ ᠦᠢᠯᠡᠴᠢᠯᠡᠭᠰᠡᠨ ᠢᠶᠡᠷ 2.46764511 ᠳ᠋ᠦᠩᠰᠢᠭᠤᠷ ᠳᠦᠬᠦᠷᠢᠭ ᠤᠨ ᠡᠳ᠋ ᠬᠦᠷᠦᠩᠬᠡ ᠴᠤᠭᠯᠠᠭᠤᠯᠵᠠᠢ᠃ ᠡᠨᠡ ᠨᠢ ᠳᠡᠬᠦᠨ ᠤ ᠬᠠᠤᠯᠢ ᠶᠤᠰᠤᠨ ᠤ ᠤᠷᠤᠯᠭ᠎ᠠ ᠡᠴᠡ ᠢᠯᠡᠷᠬᠡᠢ ᠳᠠᠪᠠᠭᠰᠠᠨ ᠪᠠᠶᠢᠨ᠎ᠠ᠃

    ᠪᠠᠢ ᠡᠧᠨ ᠫᠧᠢ ᠶᠢᠨ ᠳᠤᠪᠴᠢ ᠨᠠᠮᠳᠠᠷ

    ᠪᠠᠢ ᠡᠧᠨ ᠫᠧᠢ᠂ ᠡᠷᠡᠭᠳᠡᠢ᠂ ᠬᠢᠳᠠᠳ ᠦᠨᠳᠦᠰᠦᠳᠡᠨ᠂ ᠱᠠᠨᠰᠢ ᠮᠤᠵᠢ ᠶᠢᠨ ᠴᠢᠩ ᠵᠢᠶᠠᠨ ᠤ ᠬᠦᠮᠦᠨ᠂ 1946 ᠤᠨ ᠤ 9 ᠰᠠᠷ᠎ᠠ ᠳᠤ ᠳᠦᠷᠦᠵᠡᠢ᠃ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ 1973 ᠤᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1970 ᠤᠨ ᠤ 8 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃

    ▽1965 ᠤᠨ ᠤ 8 ᠰᠠᠷ᠎ᠠ ᠡᠴᠡ 1970 ᠤᠨ ᠤ 8 ᠰᠠᠷ᠎ᠠ ᠪᠤᠯᠳᠠᠯ᠎ᠠ᠂ ᠪᠠᠷᠠᠭᠤᠨ ᠬᠤᠶᠢᠳᠤ ᠶᠢᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠳᠤ ᠰᠤᠷᠤᠯᠴᠠᠪᠠ᠃

    ▽1970 ᠤᠨ ᠤ 8 ᠰᠠᠷ᠎ᠠ ᠡᠴᠡ 1972 ᠤᠨ ᠤ 4 ᠰᠠᠷ᠎ᠠ ᠪᠤᠯᠳᠠᠯ᠎ᠠ᠂ ᠱᠠᠨᠰᠢ ᠮᠤᠵᠢ ᠶᠢᠨ ᠴᠡᠷᠢᠭ ᠤᠨ ᠳᠤᠭᠤᠷᠢᠭ ᠤᠨ ᠳᠠᠷᠢᠶᠠᠯᠠᠩ ᠤᠨ ᠳᠠᠯᠠᠪᠠᠢ ᠳᠤ ᠬᠦᠳᠡᠯᠮᠦᠷᠢ ᠳᠤ ᠤᠷᠤᠯᠴᠠᠪᠠ᠃

    ▽1972 ᠤᠨ ᠤ 4 ᠰᠠᠷ᠎ᠠ ᠡᠴᠡ 1974 ᠤᠨ ᠤ 11 ᠰᠠᠷ᠎ᠠ ᠪᠤᠯᠳᠠᠯ᠎ᠠ᠂ ᠱᠠᠨᠰᠢ ᠮᠤᠵᠢ ᠶᠢᠨ ᠶᠠᠨ ᠠᠨ ᠤ ᠴᠠᠶᠢᠶ‍ᠢᠤ ᠮᠠᠰᠢᠨ ᠤ ᠦᠢᠯᠡᠳᠪᠦᠷᠢ ᠶᠢᠨ ᠲᠧᠭᠨᠢᠭᠴᠢ ᠢᠶᠡᠷ ᠠᠵᠢᠯᠯᠠᠪᠠ᠃

    ▽1974 ᠤᠨ ᠤ 11 ᠰᠠᠷ᠎ᠠ ᠡᠴᠡ 1981 ᠤᠨ ᠤ 12 ᠰᠠᠷ᠎ᠠ ᠪᠤᠯᠳᠠᠯ᠎ᠠ᠂ ᠱᠠᠨᠰᠢ ᠮᠤᠵᠢ ᠶᠢᠨ ᠶᠠᠨ ᠠᠨ ᠤ ᠴᠠᠶᠢᠶ‍ᠢᠤ ᠮᠠᠰᠢᠨ ᠤ ᠦᠢᠯᠡᠳᠪᠦᠷᠢ ᠶᠢᠨ ᠬᠤᠪᠢᠰᠬᠠᠯ ᠤᠨ ᠵᠦᠪᠯᠡᠯ ᠤᠨ ᠳᠡᠳ᠋ ᠡᠷᠬᠢᠯᠡᠭᠴᠢ᠂ ᠦᠢᠯᠡᠳᠪᠦᠷᠢ ᠶᠢᠨ ᠳᠡᠳ᠋ ᠳᠠᠷᠤᠭ᠎ᠠ ᠶᠢᠨ ᠳᠤᠰᠢᠶᠠᠯ ᠳᠤ ᠠᠵᠢᠯᠯᠠᠪᠠ᠃

    ▽1981 ᠤᠨ ᠤ 12 ᠰᠠᠷ᠎ᠠ ᠡᠴᠡ 1983 ᠤᠨ ᠤ 2 ᠰᠠᠷ᠎ᠠ ᠪᠤᠯᠳᠠᠯ᠎ᠠ᠂ ᠱᠠᠨᠰᠢ ᠮᠤᠵᠢ ᠶᠢᠨ ᠶᠠᠨ ᠠᠨ ᠤ ᠴᠠᠶᠢᠶ‍ᠢᠤ ᠮᠠᠰᠢᠨ ᠤ ᠦᠢᠯᠡᠳᠪᠦᠷᠢ ᠶᠢᠨ ᠳᠠᠷᠤᠭ᠎ᠠ᠂ ᠦᠢᠯᠡᠳᠪᠦᠷᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠳᠤᠰᠢᠶᠠᠯ ᠳᠤ ᠠᠵᠢᠯᠯᠠᠪᠠ᠃

    ▽1983 ᠤᠨ ᠤ 2 ᠰᠠᠷ᠎ᠠ ᠡᠴᠡ 1983 ᠤᠨ ᠤ 9 ᠰᠠᠷ᠎ᠠ ᠪᠤᠯᠳᠠᠯ᠎ᠠ᠂ ᠱᠠᠨᠰᠢ ᠮᠤᠵᠢ ᠶᠢᠨ ᠶᠠᠨ ᠠᠨ ᠤ ᠳᠠᠮᠠᠬᠢᠨ ᠤ ᠦᠢᠯᠡᠳᠪᠦᠷᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠦᠢᠯᠡᠳᠪᠦᠷᠢ ᠶᠢᠨ ᠳᠠᠷᠤᠭ᠎ᠠ  ᠶᠢᠨ ᠳᠤᠰᠢᠶᠠᠯ ᠳᠤ ᠠᠵᠢᠯᠯᠠᠪᠠ᠃

    ▽1983 ᠤᠨ ᠤ 9 ᠰᠠᠷ᠎ᠠ ᠡᠴᠡ 1985 ᠤᠨ ᠤ 7 ᠰᠠᠷ᠎ᠠ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠱᠠᠨᠰᠢ ᠮᠤᠵᠢ ᠶᠢᠨ ᠶᠠᠨ ᠠᠨ ᠤᠷᠤᠨ ᠨᠤᠳᠤᠭ ᠤᠨ ᠬᠤᠷᠢᠶᠠᠨ ᠤ ᠳᠡᠳ᠋ ᠱᠦᠵᠢ ᠶᠢᠨ ᠳᠤᠰᠢᠶᠠᠯ ᠳᠤ ᠠᠵᠢᠯᠯᠠᠪᠠ᠃

    ▽1985 ᠤᠨ ᠤ 7 ᠰᠠᠷ᠎ᠠ ᠡᠴᠡ 1990 ᠤᠨ ᠤ 5 ᠰᠠᠷ᠎ᠠ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠱᠠᠨᠰᠢ ᠮᠤᠵᠢ ᠶᠢᠨ ᠶᠠᠨ ᠠᠨ ᠤᠷᠤᠨ ᠨᠤᠳᠤᠭ ᠤᠨ ᠬᠤᠷᠢᠶᠠᠨ ᠤ ᠱᠦᠵᠢ ᠶᠢᠨ ᠳᠤᠰᠢᠶᠠᠯ ᠳᠤ ᠠᠵᠢᠯᠯᠠᠪᠠ᠃

    ▽1990 ᠤᠨ ᠤ 5 ᠰᠠᠷ᠎ᠠ ᠡᠴᠡ 1992 ᠤᠨ ᠤ 3 ᠰᠠᠷ᠎ᠠ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠢᠨ ᠳᠤᠰᠢᠶᠠᠯ ᠳᠤ ᠠᠵᠢᠯᠯᠠᠪᠠ᠃

    ▽1992 ᠤᠨ ᠤ 3 ᠰᠠᠷ᠎ᠠ ᠡᠴᠡ 1993 ᠤᠨ ᠤ 8 ᠰᠠᠷ᠎ᠠ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶᠠᠨ ᠤ ᠳᠡᠳ᠋ ᠱᠦᠵᠢ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠢᠨ ᠳᠤᠰᠢᠶᠠᠯ ᠢ ᠬᠠᠪᠰᠤᠷᠭᠠᠨ ᠬᠠᠷᠢᠭᠤᠴᠠᠪᠠ᠃

    ▽1993 ᠤᠨ ᠤ 8 ᠰᠠᠷ᠎ᠠ ᠡᠴᠡ 1997 ᠤᠨ ᠤ 2 ᠰᠠᠷ᠎ᠠ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠳᠤᠰᠢᠶᠠᠯ ᠳᠤ ᠠᠵᠢᠯᠯᠠᠪᠠ᠃

    ▽1997 ᠤᠨ ᠤ 2 ᠰᠠᠷ᠎ᠠ ᠡᠴᠡ 4 ᠰᠠᠷ᠎ᠠ ᠪᠤᠯᠳᠠᠯ᠎ᠠ᠂ ᠬᠦᠬᠡᠨᠠᠭᠤᠷ ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠳᠤᠰᠢᠶᠠᠯ ᠳᠤ ᠠᠵᠢᠯᠯᠠᠪᠠ᠃

    ▽1998 ᠤᠨ ᠤ 1 ᠰᠠᠷ᠎ᠠ ᠡᠴᠡ 1999 ᠤᠨ ᠤ 8 ᠰᠠᠷ᠎ᠠ ᠪᠤᠯᠳᠠᠯ᠎ᠠ᠂ ᠬᠦᠬᠡᠨᠠᠭᠤᠷ ᠮᠤᠵᠢ ᠶᠢᠨ ᠮᠤᠵᠢ ᠶᠢᠨ ᠳᠠᠷᠤᠭ᠎ᠠ ᠶᠢᠨ ᠳᠤᠰᠢᠶᠠᠯ ᠳᠤ ᠠᠵᠢᠯᠯᠠᠪᠠ᠃

    ▽1999 ᠤᠨ ᠤ 6 ᠰᠠᠷ᠎ᠠ ᠡᠴᠡ 2001 ᠤᠨ ᠤ 10 ᠰᠠᠷ᠎ᠠ ᠪᠤᠯᠳᠠᠯ᠎ᠠ᠂ ᠬᠦᠬᠡᠨᠠᠭᠤᠷ ᠮᠤᠵᠢ ᠶᠢᠨ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠳᠤ ᠠᠵᠢᠯᠯᠠᠪᠠ᠃

    ▽2001 ᠤᠨ ᠤ 10 ᠰᠠᠷ᠎ᠠ ᠳᠤ᠂ ᠶᠦᠨᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠳᠤ ᠭᠠᠷᠪᠠ᠃

    ▽2011 ᠤᠨ ᠤ 8 ᠰᠠᠷ᠎ᠠ ᠳᠤ᠂ ᠠᠷᠪᠠᠨ ᠨᠢᠬᠡᠳᠦᠬᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠭᠠᠯᠢ ᠤᠷᠴᠢᠨ ᠬᠢᠬᠡᠳ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠳᠡᠳ᠋ ᠡᠷᠬᠢᠯᠡᠭᠴᠢ ᠶᠢᠨ ᠳᠤᠰᠢᠶᠠᠯ ᠳᠤ ᠳᠤᠮᠢᠯᠠᠭᠳᠠᠪᠠ᠃

    ▽2014 ᠤᠨ ᠤ 9 ᠰᠠᠷ᠎ᠠ ᠶᠢᠨ 26 ᠤ ᠡᠳᠦᠷ᠂ ᠶᠦᠨᠨᠠᠨ ᠮᠤᠵᠢ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠠᠯ ᠢᠶᠡᠷ ᠪᠠᠢ ᠡᠧᠨ ᠫᠧᠢ ᠶᠢᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠦᠯᠦᠬᠡᠯᠡᠭᠴᠢ ᠶᠢᠨ ᠡᠷᠬᠡ ᠶᠢ ᠬᠠᠰᠤᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119681994