蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠳᠠ ᠬᠢᠵᠡᠢ

2016-10-11 10:08

    10 ᠰᠠᠷ᠎ᠠ ᠶᠢᠨ 9 ᠡᠴᠡ 10 ᠤ ᠡᠳᠤᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠳᠠ ᠬᠢᠵᠤ᠂ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠨ ᠲᠡᠮᠡᠴᠡᠵᠤ᠂ ᠨᠢᠭᠡ ᠰᠡᠳᠬᠢᠯ ᠨᠢᠭᠡ ᠵᠤᠷᠢᠭ ᠢᠶᠠᠷ ᠬᠦᠭᠵᠢᠯᠳᠡ ᠶᠢ ᠡᠷᠢᠯᠬᠢᠯᠡᠨ᠂ ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠨᠠᠮ ᠤᠨ ᠪᠠᠶᠢᠭᠤᠯᠤᠯᠳᠠ ᠶᠢ ᠠᠳᠬᠤᠵᠤ᠂ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠨᠡᠭᠡᠭᠡᠬᠦ ᠬᠡᠷᠡᠭᠳᠡᠢ ᠬᠡᠵᠤ ᠴᠢᠬᠤᠯᠠᠴᠢᠯᠠᠵᠠᠢ᠃

    10 ᠰᠠᠷ᠎ᠠ ᠶᠢᠨ 9 ᠤ ᠤᠷᠤᠢ᠂ ᠯᠢ ᠵᠢᠢ ᠾᠧᠩ ᠭᠠᠯᠳᠦ ᠲᠡᠷᠭᠡᠨ ᠠᠴᠠ ᠪᠠᠭᠤᠮᠠᠬᠴᠠ ᠤᠯᠠᠭᠠᠨᠴᠠᠪ ᠬᠤᠳᠠ ᠶᠢᠨ ᠬᠤᠳᠠ ᠶᠢᠨ ᠲᠦᠯᠦᠪᠵᠢᠭᠦᠯᠭᠡ ᠶᠢᠨ ᠦᠵᠡᠰᠭᠦᠯᠡᠩ ᠤᠨ ᠤᠷᠳᠤᠨ ᠳᠤ ᠬᠦᠷᠴᠦ᠂ ᠬᠤᠳᠠ᠂ ᠠᠵᠤ ᠦᠢᠯᠡᠰ᠂ ᠵᠠᠮ ᠬᠠᠷᠢᠯᠴᠠᠭ᠎ᠠ ᠵᠡᠷᠭᠡ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠲᠡᠷᠡ᠂ ᠤᠷᠤᠨ ᠪᠠᠶᠢᠷᠢ ᠪᠤᠯᠤᠨ ᠵᠠᠮ ᠬᠠᠷᠢᠯᠴᠠᠭ᠎ᠠ ᠪᠤᠯ ᠤᠯᠠᠭᠠᠨᠴᠠᠪ ᠬᠤᠳᠠ ᠶᠢᠨ ᠬᠠᠮᠤᠭ ᠤᠨ ᠶᠡᠭᠡ ᠲᠠᠪᠠᠭᠤᠯᠢᠭ ᠪᠤᠯᠤᠨ᠎ᠠ᠂ ᠲᠡᠮᠦᠷ ᠵᠠᠮ ᠤᠨ ᠲᠤᠤᠷ᠂ ᠵᠠᠰᠠᠮᠠᠯ ᠵᠠᠮ ᠤᠨ ᠲᠤᠤᠷ ᠢᠶᠠᠨ ᠶᠡᠬᠡᠪᠡᠷ ᠲᠡᠭᠦᠯᠳᠡᠷᠵᠢᠭᠦᠯᠵᠤ᠂ ᠨᠢᠰᠬᠦ ᠤᠩᠭᠤᠴᠠᠨ ᠤ ᠪᠠᠭᠤᠳᠠᠯ ᠤᠨ ᠦᠢᠯᠡᠳᠦᠯ ᠢ ᠲᠦᠷᠭᠡᠨ ᠪᠠᠳᠠᠷᠠᠭᠤᠯᠵᠤ᠂ ᠤᠳᠤ ᠦᠶ᠎ᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠤᠷ ᠢ ᠲᠦᠷᠭᠡᠨ ᠪᠠᠶᠢᠭᠤᠯᠵᠤ᠂ ᠵᠠᠮ ᠬᠠᠷᠢᠯᠴᠠᠭᠠᠨ ᠤ ᠲᠠᠪᠠᠭᠤᠯᠢᠭ ᠢᠶᠠᠷ ᠢᠶᠠᠨ ᠡᠳ᠋ ᠤᠨ ᠵᠠᠰᠠᠭ ᠤᠨ ᠬᠦᠭᠵᠢᠯᠳᠡ ᠶᠢᠨ ᠰᠢᠨ᠎ᠠ ᠲᠠᠪᠠᠭᠤᠯᠢᠭ ᠢ ᠪᠤᠢ ᠪᠤᠯᠭᠠᠬᠤ ᠭᠡᠷᠡᠭᠳᠠᠢ ᠬᠡᠵᠠᠢ᠃

    10 ᠰᠠᠷ᠎ᠠ ᠶᠢᠨ 10 ᠤ ᠡᠳᠦᠷ᠂ ᠯᠢ ᠵᠢᠢ ᠾᠧᠩ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠲᠡᠭᠰᠢ ᠪᠤᠯᠠᠭ ᠪᠠᠯᠭᠠᠰᠦ ᠶᠢᠨ ᠡᠮᠦᠨ᠎ᠡ ᠠᠶᠢᠯ ᠤᠨ ᠤᠳᠤ ᠦᠶ᠎ᠠ ᠶᠢᠨ ᠲᠦᠭᠦᠭᠡᠷᠦᠮᠵᠢᠳᠦ ᠲᠠᠷᠢᠶᠠᠯᠠᠩ ᠤᠨ ᠬᠦᠭᠵᠢᠯᠳᠡ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂ ᠨᠡᠭᠦᠯᠭᠡᠨ ᠰᠢᠯᠵᠢᠭᠦᠯᠵᠦ ᠶᠠᠳᠠᠭᠤ ᠶᠢ ᠲᠡᠳᠭᠦᠭᠦ ᠠᠵᠢᠯ ᠢ ᠯᠠᠪᠳᠠᠭᠤᠨ ᠪᠠᠳᠤᠳᠠᠢ ᠬᠢᠵᠤ᠂ ᠨᠡᠭᠦᠯᠭᠡᠨ ᠰᠢᠯᠵᠢᠭᠦᠯᠦᠭᠳᠡᠭᠰᠡᠨ ᠲᠠᠷᠢᠶᠠᠴᠢᠳ ᠲᠤ ᠬᠦᠰᠡᠯ ᠡᠷᠡᠮᠡᠯᠵᠡᠯ ᠤᠯᠭᠤᠵᠤ᠂ ᠲᠡᠳᠡᠨ ᠢ ᠠᠵᠤ ᠦᠢᠯᠡᠰ ᠰᠠᠶᠢᠳᠤᠷ ᠬᠦᠭᠵᠢᠭᠰᠡᠨ ᠤᠢᠢᠷ᠎ᠠ ᠬᠠᠪᠢ ᠶᠢᠨ ᠭᠤᠤᠯ ᠲᠤᠰᠬᠤᠨ ᠳᠤ ᠠᠭᠤᠰᠤᠯᠴᠠᠭᠤᠯᠬᠤ ᠬᠡᠷᠡᠭᠳᠡᠢ ᠬᠡᠵᠤ ᠱᠠᠭᠠᠷᠳᠠᠪᠠ᠃

    ᠲᠡᠭᠰᠢ ᠪᠤᠯᠠᠭ ᠲᠤᠰᠬᠤᠨ ᠤ ᠬᠤᠶᠠᠷ ᠲᠤᠯᠤᠭᠠᠢ ᠲᠤᠰᠬᠳ ᠳᠤ᠂ ᠯᠢ ᠵᠢᠢ ᠾᠧᠩ ᠶᠠᠳᠠᠭᠤ ᠬᠦᠴᠢᠷᠳᠡᠯ ᠲᠠᠢ ᠡᠷᠦᠭᠡ ᠵᠤᠤ ᠴᠢᠩ ᠤᠨ ᠬᠡᠷ ᠪᠦ᠋ᠯᠢ ᠶᠢ ᠲᠤᠬᠤᠨᠢᠭᠤᠯᠵᠤ᠂ ᠬᠠᠷᠢᠯᠴᠠᠨ ᠳᠤᠰᠠᠯᠠᠯᠴᠠᠬᠤ ᠵᠢᠷᠭᠠᠯᠠᠩᠳᠦ ᠬᠦᠷᠢᠶᠡᠯᠡᠩ ᠤᠨ ᠬᠠᠮᠢᠶᠠᠷᠤᠯᠳᠠ ᠪᠤᠯᠤᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ ᠰᠢᠨᠵᠢᠯᠡᠵᠤ᠂ ᠬᠠᠷᠢᠯᠴᠠᠨ ᠳᠤᠰᠠᠯᠠᠯᠴᠠᠬᠤ ᠵᠢᠷᠭᠠᠯᠠᠩᠳᠦ ᠬᠦᠷᠢᠶᠡᠯᠡᠩ ᠤᠨ ᠵᠠᠩ ᠳ᠋ᠧ ᠯᠢ ᠵᠡᠷᠭᠡ ᠨᠠᠰᠤᠳᠠᠨ ᠢ ᠡᠷᠬᠢᠨ ᠦᠵᠡᠵᠦ ᠲᠤᠬᠤᠨᠢᠭᠤᠯᠪᠠ᠃ ᠲᠡᠷᠡ᠂ ᠨᠠᠰᠤᠵᠢᠯ ᠤᠨ ᠠᠵᠢᠯ ᠢ ᠰᠠᠶᠢᠳᠤᠷ ᠬᠢᠵᠤ᠂ ᠨᠠᠰᠤᠵᠢᠯ ᠤᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠦᠭᠵᠢᠭᠦᠯᠵᠤ᠂ ᠦᠳᠡᠯᠦᠭᠡ ᠨᠠᠰᠤᠳᠠᠨ ᠢᠶᠠᠨ ᠠᠰᠠᠷᠠᠨ ᠬᠦᠨᠳᠦᠯᠡᠭᠦ ᠡᠷᠬᠢᠮ ᠰᠤᠷᠳᠠᠯ ᠢ ᠢᠳᠡᠪᠬᠢᠳᠡᠢ ᠪᠠᠳᠠᠷᠠᠭᠤᠯᠤᠵᠤ᠂ ᠪᠦᠬᠦ ᠨᠡᠶᠢᠭᠡᠮ ᠳᠤ ᠨᠠᠰᠤᠳᠠᠨ ᠢᠶᠠᠨ ᠬᠦᠨᠳᠦᠯᠡᠨ ᠨᠠᠰᠤᠳᠠᠨ ᠢᠶᠠᠨ ᠠᠰᠠᠷᠠᠵᠤ ᠨᠠᠰᠤᠳᠠᠨ ᠢᠶᠠᠨ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠬᠡᠵᠤ ᠱᠠᠭᠠᠷᠳᠠᠪᠠ᠃ ᠲᠤᠮᠳᠠᠳᠤ ᠤᠯᠤᠰ ᠤᠨ ᠲᠢᠶᠠᠨᠵᠢᠨ ᠤ ᠴᠢᠯᠦᠭᠡᠳᠦ ᠠᠷᠠᠯᠵᠢᠶᠠᠨ ᠤ ᠲᠤᠭᠤᠷᠢᠭ ᠤᠨ ᠵᠢᠨᠢᠩ ᠳᠠᠬᠢ ᠰᠢᠭᠤᠳ ᠪᠤᠷᠤᠯᠠᠭᠤᠯᠬᠤ ᠲᠦᠪ ᠲᠤ᠂ ᠯᠢ ᠵᠢᠢ ᠾᠧᠩ ᠲᠤᠰ ᠲᠦᠪ ᠤᠨ ᠡᠵᠡᠩᠨᠡᠯᠳᠡ ᠶᠢᠨ ᠪᠠᠶᠢᠳᠠᠯ ᠢ ᠨᠠᠷᠢᠨ ᠤᠢᠢᠯᠠᠭᠠᠵᠤ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠡᠭᠤᠯᠵᠤ᠂ ᠪᠡᠭᠡᠵᠢᠩ ᠲᠢᠶᠠᠨᠵᠢᠨ ᠤ ᠠᠵᠤ ᠦᠢᠯᠡᠰ ᠢ ᠰᠢᠯᠵᠢᠭᠦᠯᠬᠦ ᠠᠵᠢᠯ ᠲᠠᠢ ᠢᠳᠡᠪᠬᠢᠳᠡᠢ ᠵᠤᠯᠭᠠᠯᠴᠠᠬᠤ ᠬᠡᠷᠡᠭᠳᠡᠢ ᠬᠡᠵᠤ ᠱᠠᠭᠠᠷᠳᠠᠵᠠᠢ᠃

    ᠪᠠᠶᠢᠴᠠᠭᠠᠨ ᠰᠤᠳᠤᠯᠤᠯᠲᠠ ᠬᠢᠭᠰᠡᠨ ᠬᠤᠭᠤᠴᠠᠭᠠᠨ ᠳᠤ ᠪᠡᠨ᠂ ᠯᠢ ᠵᠢᠢ ᠾᠧᠩ ᠤᠯᠠᠭᠠᠨᠴᠠᠪ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠲᠡᠷᠡ᠂ ᠠᠵᠠ ᠲᠤᠬᠢᠶᠠᠯ ᠢ ᠠᠮᠵᠢᠨ ᠬᠦᠭᠵᠢᠯᠳᠡ ᠪᠠᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠷᠠᠳᠤᠬᠰᠠᠨ 《ᠦᠨᠳᠦᠷ ᠲᠤ ᠵᠤᠬᠰᠤᠨ ᠠᠯᠣᠰ ᠢ ᠪᠠᠷᠠᠯᠠᠬᠤ》 ᠱᠠᠭᠠᠷᠳᠠᠯᠭ᠎ᠠ ᠶᠤᠰᠤᠭᠠᠷ᠂ ᠲᠡᠯᠡᠭᠡᠢ ᠳᠤ ᠬᠠᠨᠳᠣᠭᠤᠯᠣᠭᠰᠠᠨ ᠬᠠᠷᠠᠴᠠ᠂ ᠦᠷᠭᠡᠨ ᠲᠡᠯᠭᠡᠷ ᠬᠠᠷᠠᠭᠠᠰᠦ ᠪᠠᠷ ᠠᠵᠢᠯ ᠦᠢᠯᠡᠰ ᠢᠶᠠᠨ ᠲᠦᠯᠦᠪᠵᠢᠭᠦᠯᠵᠦ᠂ ᠮᠤᠷᠤᠢ ᠰᠠᠷᠤᠢ ᠵᠠᠮ ᠢ ᠰᠢᠯᠦᠭᠤᠳᠬᠠᠨ᠂ ᠰᠢᠨ᠎ᠡ ᠲᠠᠪᠠᠯᠳᠠ ᠶᠢ ᠪᠡᠶᠡᠯᠡᠭᠦᠯᠬᠦ ᠬᠡᠷᠡᠭᠳᠡᠢ᠃ ᠤᠯᠤᠰ ᠠᠴᠠ 《ᠨᠢᠭᠡ ᠵᠠᠮ ᠨᠢᠭᠡ ᠪᠦᠰᠡ》 ᠶ᠋ᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠦᠨ ᠠᠬᠢᠭᠤᠯᠬᠤ᠂ ᠪᠡᠭᠡᠵᠢᠩ ᠲᠢᠶᠠᠨᠵᠢᠨ ᠾᠧᠪᠸᠢ ᠶᠢ ᠵᠣᠬᠢᠴᠠᠭᠤᠯᠣᠨ ᠬᠦᠭᠵᠢᠭᠦᠯᠭᠦ᠂ ᠪᠡᠭᠡᠵᠢᠩ- ᠴᠢᠭᠤᠯᠤᠯᠳᠦ ᠬᠠᠭᠠᠯᠭ᠎ᠠ ᠡᠪᠦᠯ ᠤᠨ ᠤᠯᠠᠷᠢᠯ ᠤᠨ ᠤᠯᠢᠮᠫᠢᠺ ᠤᠨ ᠴᠣᠭᠯᠠᠭᠠᠨ ᠢ ᠵᠤᠬᠢᠶᠠᠨ ᠪᠠᠶᠢᠭᠤᠯᠬᠤ᠂ ᠪᠡᠭᠡᠵᠢᠩ ᠬᠤᠳᠠ ᠠᠵᠢᠯ ᠲᠦᠷᠦᠯ ᠢᠶᠠᠷ ᠢᠶᠠᠨ ᠤᠯᠠᠭᠠᠨᠴᠠᠪ ᠬᠤᠳᠠ ᠶᠢ ᠳᠤᠰᠠᠯᠠᠨ ᠳᠡᠮᠵᠢᠬᠦ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠡᠵᠡᠮᠳᠡᠵᠤ᠂ ᠬᠦᠭᠵᠢᠭᠦᠯᠬᠦ ᠭᠡᠰᠡᠨ ᠲᠡᠷᠢᠭᠦᠨ ᠴᠢᠬᠤᠯᠠ ᠡᠭᠦᠷᠭᠡ ᠶᠢ ᠢᠮᠠᠬᠳᠠ ᠰᠠᠶᠢᠳᠤᠷ ᠠᠳᠬᠤᠵᠤ᠂ ᠡᠳ᠋ ᠤᠨ ᠵᠠᠰᠠᠭ ᠤᠨ ᠪᠦᠳᠦᠭᠡᠨ ᠪᠠᠶᠢᠭᠤᠯᠤᠯᠳᠠ ᠪᠠᠷ ᠭᠤᠤᠯ ᠪᠤᠯᠭᠠᠵᠤ᠂ ᠬᠦᠴᠦᠨ ᠢᠶᠠᠨ ᠲᠦᠪᠯᠡᠷᠡᠭᠦᠯᠦᠨ ᠪᠦᠬᠦ ᠲᠠᠯ᠎ᠠ ᠪᠠᠷ ᠨᠡᠭᠡᠭᠡᠯᠳᠡ ᠬᠢᠬᠦ ᠠᠵᠢᠯ ᠢ ᠰᠠᠶᠢᠳᠣᠷ ᠬᠢᠵᠦ᠂ ᠬᠤᠳᠠ ᠶᠢᠨ ᠡᠳ᠋ ᠤᠨ ᠵᠠᠰᠠᠭ ᠨᠡᠶᠢᠭᠡᠮ ᠤᠨ ᠲᠤᠭᠳᠠᠭᠤᠨ ᠪᠦᠭᠡᠳ ᠡᠷᠡᠭᠦᠯ ᠢᠶᠠᠷ ᠬᠦᠭᠵᠢᠭᠦ ᠶᠢ ᠴᠢᠷᠮᠠᠶᠢᠨ ᠠᠬᠢᠭᠤᠯᠬᠤ ᠬᠡᠷᠡᠭᠳᠡᠢ ᠬᠡᠵᠤ ᠱᠠᠭᠠᠷᠳᠠᠵᠠᠢ᠃

    ᠯᠢ ᠵᠢᠢ ᠾᠧᠩ ᠪᠠᠰᠠ᠂ ᠲᠠᠪᠠᠭᠤᠯᠢᠬ ᠴᠢᠩᠭ᠎ᠠ ᠠᠵᠤ ᠦᠢᠯᠡᠰ ᠢ ᠬᠦᠭᠵᠢᠭᠦᠯᠵᠤ᠂ ᠪᠤᠬᠢᠷᠳᠦᠯ ᠦᠭᠡᠢ ᠠᠮᠢ ᠠᠬᠤᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠬᠦᠳᠡᠬᠡ ᠠᠵᠤ ᠠᠬᠤᠢ ᠶᠢᠨ ᠤᠳᠤᠬᠢᠴᠢᠯᠡᠯᠳᠡ ᠶᠢ ᠬᠦᠴᠦᠯᠡᠨ ᠠᠬᠢᠭᠤᠯᠵᠤ᠂ ᠡᠨᠧᠷᠬᠢ ᠪᠤᠯᠤᠨ ᠡᠬᠢ ᠪᠠᠶᠠᠯᠢᠭ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠣ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠬᠦᠴᠦᠯᠡᠨ ᠠᠬᠢᠭᠤᠯᠵᠤ᠂ ᠤᠷᠤᠨ ᠪᠠᠶᠢᠷᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠬᠦᠴᠦᠯᠡᠨ ᠠᠬᠢᠭᠤᠯᠵᠤ᠂ ᠭᠤᠣᠯᠯᠠᠬᠤ ᠠᠵᠤ ᠦᠢᠯᠡᠰ ᠢᠶᠠᠨ ᠬᠦᠴᠦᠷᠭᠡᠭᠵᠢᠭᠦᠯᠦᠨ ᠪᠤᠵᠠᠭᠠᠢᠢᠷᠠᠭᠤᠯᠵᠤ᠂ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠬᠦᠴᠦᠯᠡᠨ ᠠᠬᠢᠭᠤᠯᠵᠤ᠂ ᠤᠷᠤᠨ ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠪᠠ ᠡᠨᠧᠷᠬᠢ ᠵᠡᠷᠭᠡ ᠶᠢᠨ ᠨᠦᠭᠡᠴᠡ ᠲᠠᠪᠠᠭᠤᠯᠢᠭ ᠢᠶᠠᠨ ᠬᠦᠭᠵᠢᠯᠳᠡ ᠪᠠᠨ ᠲᠦᠷᠭᠡᠳᠭᠡᠬᠦ ᠪᠤᠳᠠᠳᠦ ᠲᠠᠪᠭᠤᠯᠢᠭ ᠪᠤᠯᠭᠠᠨ ᠬᠤᠪᠢᠷᠠᠭᠤᠯᠬᠤ ᠬᠡᠷᠡᠭᠳᠡᠢ᠃ ᠠᠷᠠᠳ ᠲᠤ ᠠᠰᠢᠭ ᠬᠦᠷᠳᠡᠭᠡᠬᠦ ᠲᠤᠳᠠᠭᠤᠳᠠᠯ ᠢᠶᠠᠨ ᠨᠦᠬᠦᠪᠦᠷᠢᠯᠡᠵᠤ᠂ ᠶᠠᠳᠠᠭᠤ ᠬᠦᠴᠢᠷᠳᠡᠯ᠂ ᠰᠠᠭᠤᠷᠢ ᠲᠦᠭᠦᠭᠡᠷᠦᠮᠵᠢ ᠪᠠ ᠠᠮᠢ ᠠᠬᠤᠢ ᠵᠡᠷᠭᠡ ᠲᠠᠯ᠎ᠠ ᠶᠢᠨ ᠲᠤᠳᠠᠭᠤᠳᠠᠯ ᠢᠶᠠᠨ ᠨᠦᠬᠦᠪᠦᠷᠢᠯᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠢ ᠬᠦᠴᠦᠯᠡᠨ ᠲᠡᠭᠡᠭᠰᠢᠯᠡᠭᠦᠯᠵᠤ᠂ ᠠᠵᠢᠯ ᠤᠯᠭᠤᠯᠳᠠ᠂ ᠰᠤᠷᠭᠠᠨ ᠬᠦᠮᠦᠵᠢᠯ᠂ ᠡᠮ ᠡᠮᠨᠡᠯᠭᠡ᠂ ᠰᠤᠶᠤᠯ ᠪᠠ ᠨᠡᠶᠢᠭᠡᠮ ᠤᠨ ᠪᠠᠳᠤᠯᠠᠪᠤᠷᠢ ᠵᠡᠷᠭᠡ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠬᠢᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠳᠤ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠡᠳ᠋ᠯᠡᠭᠦᠯᠭᠦ ᠬᠡᠷᠡᠭᠳᠡᠢ᠃ ᠨᠢᠭᠡᠳᠦᠯᠳᠡᠢ ᠲᠦᠯᠦᠪᠵᠢᠭᠦᠯᠭᠦ ᠶᠢ ᠠᠬᠢᠭᠤᠯᠬᠤ ᠪᠠᠷ ᠡᠶ᠎ᠡ ᠵᠤᠬᠢᠴᠠᠩᠭᠤᠢ ᠶᠢ ᠠᠬᠢᠭᠤᠯᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠵᠤ᠂ 《ᠲᠠᠪᠤᠨ ᠬᠤᠳᠠ ᠬᠠᠮᠳᠣᠷᠠᠨ ᠡᠭᠦᠳᠬᠦ》 ᠠᠵᠢᠯ ᠢ ᠦᠷᠭᠦᠯᠵᠢᠯᠡᠨ ᠰᠠᠶᠢᠳᠤᠷ ᠠᠳᠬᠤᠵᠤ᠂ ᠵᠢᠵᠢᠭ ᠬᠤᠳᠠ ᠪᠠᠯᠭᠠᠰᠦ ᠪᠠ ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠤ ᠪᠠᠶᠢᠭᠤᠯᠤᠯᠳᠠ ᠶᠢ ᠲᠦᠷᠭᠡᠳᠭᠡᠭᠦ ᠬᠡᠷᠡᠭᠳᠡᠢ; ᠤᠷᠤᠨ ᠪᠦᠰᠠ ᠶᠢᠨ ᠵᠤᠬᠢᠴᠠᠩᠭᠤᠢ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠵᠤ᠂ ᠢᠳᠡᠪᠬᠢᠳᠡᠢ ᠵᠤᠬᠢᠴᠠᠯᠳᠤᠨ᠂ ᠤᠯᠠᠭᠠᠨᠴᠠᠪ ᠳ᠋ᠠᠲ᠋ᠦ᠋ᠩ ᠴᠢᠭᠤᠯᠤᠯᠳᠦ ᠬᠠᠭᠠᠯᠭ᠎ᠠ ᠭᠤᠷᠪᠠᠨ ᠬᠤᠳᠠ ᠶᠢᠨ ᠰᠠᠭᠤᠷᠢ ᠲᠦᠭᠦᠭᠡᠷᠦᠮᠵᠢ ᠬᠠᠷᠢᠯᠴᠠᠨ ᠨᠡᠪᠳᠡᠷᠡᠯᠴᠡᠭᠦ ᠶᠢ ᠬᠠᠮᠳᠤᠪᠡᠷ ᠠᠬᠢᠭᠤᠯᠬᠤ ᠬᠡᠷᠡᠭᠳᠡᠢ᠃ ᠦᠨᠳᠦᠰᠦᠳᠡᠨ ᠤ ᠡᠶ᠎ᠡ ᠨᠢᠬᠡᠳᠦᠯ ᠪᠠ ᠨᠡᠶᠢᠭᠡᠮ ᠤᠨ ᠲᠤᠭᠳᠠᠭᠤᠨ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠠᠳᠬᠤᠵᠤ᠂ ᠦᠨᠳᠦᠰᠦᠳᠡᠨ ᠤ ᠨᠢᠬᠡᠳᠦᠯ ᠲᠠᠪᠰᠢᠯᠳᠠ ᠶᠢᠨ ᠬᠦᠮᠦᠵᠢᠯ ᠢ ᠯᠠᠪᠳᠠᠭᠤᠨ ᠪᠠᠳᠤᠳᠠᠢ ᠦᠷᠨᠢᠭᠦᠯᠦᠨ᠂ ᠢᠷᠬᠡᠳ ᠤᠨ ᠦᠨᠳᠦᠰᠦᠨ ᠠᠰᠢᠭ ᠲᠤᠰᠠ ᠶᠢ ᠰᠠᠶᠢᠳᠤᠷ ᠬᠠᠮᠠᠭᠠᠯᠠᠨ ᠬᠦᠭᠵᠢᠭᠦᠯᠵᠤ᠂ ᠬᠠᠤᠯᠢᠵᠢᠯ ᠤᠨ ᠦᠪᠦᠷ ᠮᠤᠩᠭᠤᠯ᠂ ᠠᠮᠣᠷ ᠠᠮᠤᠭᠤᠯᠠᠩ ᠦᠪᠦᠷ ᠮᠤᠩᠭᠤᠯ ᠤᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠨᠡᠶᠢᠭᠡᠮ ᠤᠨ ᠠᠶᠤᠯᠬᠦᠢ ᠶᠢ ᠶᠡᠷᠦᠩᠬᠡᠶᠢᠯᠡᠨ ᠰᠡᠷᠬᠡᠶᠢᠯᠡᠨ ᠡᠵᠡᠮᠳᠡᠭᠦ ᠪᠣᠰᠤᠭ᠎ᠠ ᠴᠣᠭᠴᠠᠳᠣ ᠰᠢᠰᠲ᠋ᠧᠮ ᠢ ᠲᠦᠷᠭᠡᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠠ ᠵᠦᠢᠯ ᠤᠨ ᠬᠠᠷᠢᠭᠤᠴᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠨᠡᠶᠢᠭᠡᠮ ᠤᠨ ᠠᠶᠤᠯᠬᠦᠢ ᠡᠶ᠎ᠡ ᠵᠤᠬᠢᠴᠠᠩᠭᠤᠢ ᠶᠢ ᠴᠢᠷᠮᠠᠶᠢᠨ ᠪᠠᠳᠤᠯᠠᠬᠤ ᠬᠡᠷᠡᠭᠳᠡᠢ ᠬᠡᠵᠤ ᠱᠠᠭᠠᠷᠳᠠᠵᠠᠢ᠃

    ᠯᠢ ᠵᠢᠢ ᠾᠧᠩ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠤᠯ ᠡᠯ᠎ᠠ ᠵᠦᠢᠯ ᠤᠨ ᠠᠵᠢᠯ ᠢ ᠰᠠᠶᠢᠳᠤᠷ ᠬᠢᠭᠦ ᠶᠢᠨ ᠦᠨᠳᠦᠰᠦᠨ ᠪᠠᠳᠤᠯᠠᠭ᠎ᠠ ᠪᠣᠯᠣᠨ᠎ᠠ᠂ ᠡᠷᠬᠡᠪᠰᠢ ᠨᠠᠮ ᠤᠨ ᠪᠠᠶᠢᠭᠤᠯᠤᠯᠳᠠ ᠶᠢ ᠠᠳᠬᠤᠵᠤ ᠨᠠᠮ ᠢᠶᠠᠨ ᠴᠢᠩᠭ᠎ᠠ ᠵᠠᠰᠠᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠬᠦᠢᠴᠡᠳᠭᠡᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ᠂ ᠰᠤᠷᠳᠠᠯ ᠤᠨ ᠪᠠᠶᠢᠭᠤᠯᠤᠯᠳᠠ᠂ ᠲᠦᠷᠢᠮ ᠤᠨ ᠪᠠᠶᠢᠭᠤᠯᠤᠯᠳᠠ ᠪᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠶᠡᠭᠡ ᠬᠦᠴᠦᠨ ᠢᠶᠠᠷ ᠴᠢᠩᠭᠠᠳᠬᠠᠵᠤ᠂ ᠨᠠᠮ ᠤᠨ ᠪᠦᠳᠦᠭᠡᠯᠴᠢ ᠴᠢᠳᠠᠪᠤᠷᠢ᠂ ᠨᠢᠬᠳᠠᠷᠠᠭᠤᠯᠬᠤ ᠬᠦᠴᠦᠨ᠂ ᠳᠠᠶᠢᠴᠢᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠭᠦᠨ 《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ》 ᠰᠤᠷᠤᠯᠴᠠᠯᠭ᠎ᠠ ᠬᠦᠮᠦᠵᠢᠯ ᠢ ᠬᠢᠨᠠᠮᠠᠭᠠᠢ ᠦᠷᠨᠢᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠵᠢᠭᠤᠯᠬᠤ ᠤᠬᠠᠮᠰᠠᠷᠳᠦ ᠴᠢᠨᠠᠷ ᠪᠤᠯᠤᠨ ᠡᠷᠡᠰ ᠪᠠᠳᠣ ᠴᠢᠨᠠᠷ ᠢᠶᠠᠨ ᠦᠨᠡᠨᠭᠦ ᠴᠢᠩᠭᠠᠷᠠᠭᠤᠯᠬᠤ ᠬᠡᠷᠡᠭᠳᠡᠢ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠳᠠᠬᠢ ᠨᠠᠮ ᠤᠨ ᠬᠤᠷᠢᠶ᠎ᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠢᠨᠠᠮᠠᠭᠠᠢ ᠨᠡᠶᠢᠳᠡᠪᠦᠷᠢᠵᠢᠭᠤᠯᠵᠤ᠂ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠢ ᠬᠦᠮᠦᠵᠢᠭᠦᠯᠭᠦ ᠪᠠ ᠰᠡᠷᠡᠮᠵᠢᠯᠡᠭᠦᠯᠭᠦ ᠶᠢ ᠴᠢᠩᠭᠠᠳᠬᠠᠨ᠂ ᠠᠷᠢᠭᠤᠨ ᠴᠢᠭᠡᠴᠢ ᠰᠤᠷᠳᠠᠯ ᠲᠦᠪ ᠤᠯᠤᠰ ᠲᠦᠷᠦ ᠶᠢᠨ ᠠᠮᠢ ᠠᠬᠤᠢ ᠪᠠ ᠠᠵᠢᠯ ᠬᠢᠵᠤ ᠦᠢᠯᠡᠰ ᠪᠣᠰᠬᠠᠬᠤ ᠵᠠᠰᠠᠬ ᠶᠠᠪᠣᠭᠤᠯᠬᠤ ᠤᠷᠴᠢᠨ ᠲᠤᠭᠤᠷᠢᠨ ᠢ ᠬᠦᠴᠦᠯᠡᠨ ᠡᠭᠦᠳᠬᠦ ᠬᠡᠷᠡᠭᠳᠡᠢ᠃ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ᠴᠢᠨᠠᠬᠰᠢᠳᠠ ᠢᠳᠡᠭᠡᠯ ᠵᠤᠷᠢᠭ ᠢᠶᠠᠨ ᠪᠠᠳᠤᠳᠬᠠᠨ᠂ ᠴᠤᠭ ᠵᠢᠪᠬᠤᠭ᠎ᠠ ᠪᠠᠨ ᠪᠠᠳᠠᠷᠠᠭᠤᠯᠵᠤ᠂ ᠰᠡᠳᠬᠢᠯ ᠰᠠᠨᠠᠭ᠎ᠠ ᠪᠤᠯᠤᠨ ᠤᠶᠤᠨ ᠴᠢᠳᠠᠯ ᠢᠶᠠᠨ ᠠᠵᠢᠯ ᠬᠢᠵᠤ ᠦᠢᠯᠡᠰ ᠪᠣᠰᠬᠠᠬᠤ ᠲᠡᠭᠡᠷ᠎ᠡ ᠲᠦᠪᠯᠡᠷᠡᠭᠦᠯᠦᠨ᠂ ᠪᠦᠯᠬᠦᠮᠳᠡᠨ ᠨᠢᠬᠳᠠᠷᠠᠵᠤ ᠤᠷᠤᠬᠰᠢᠯᠡᠨ ᠲᠠᠪᠰᠢᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠭᠵᠢᠯᠳᠡ ᠶᠢ ᠡᠷᠢᠯᠬᠢᠯᠡᠭᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠳᠡᠢ᠃ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠳᠠᠯᠠᠬᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠰᠠᠶᠢᠳᠤᠷ ᠨᠡᠶᠢᠳᠡᠪᠦᠷᠢᠵᠢᠭᠤᠯᠵᠤ᠂ ᠬᠤᠭᠤᠴᠠᠭ᠎ᠠ ᠰᠤᠯᠢᠬᠤ ᠠᠵᠢᠯ ᠤᠨ ᠠᠮᠵᠢᠯᠳᠡ ᠲᠠᠢ ᠲᠡᠭᠦᠰᠭᠦ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠶᠦᠨ ᠭᠤᠸᠠᠩ ᠵᠦᠩ᠂ ᠸᠠᠩ ᠬᠤᠸᠠᠨ ᠴᠧᠩ ᠪᠠᠷ᠎ᠠ ᠪᠤᠯᠵᠤ ᠪᠠᠶᠢᠴᠠᠭᠠᠨ ᠰᠤᠳᠤᠯᠵᠠᠢ᠃ (ᠯᠢ ᠰᠠᠷᠠᠭᠤᠯ)

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119692947