蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ 7300 ᠰᠢᠷᠬᠡᠭ ᠬᠠᠤᠯᠢ ᠪᠤᠰᠤ ᠬᠡᠪᠯᠡᠯ ᠤᠨ ᠪᠦᠳᠦᠬᠡᠭᠳᠡᠬᠦᠨ ᠢ ᠬᠤᠷᠢᠶᠠᠮᠵᠢᠯᠠᠵᠠᠢ

2016-10-11 10:40

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠨᠢ ᠦᠪᠡᠷᠳᠡᠬᠡᠨ ᠵᠠᠰᠠᠬᠤ ᠤᠷᠤᠨ ᠤ ᠰᠤᠨᠢᠨ ᠮᠡᠳᠡᠬᠡ ᠬᠡᠪᠯᠡᠯ ᠷᠠᠳᠢᠤ‍ ᠲᠧᠯᠧᠶ᠋ᠰ ᠳᠤᠪᠴᠢᠶᠠᠨ ᠤ ᠰᠠᠯᠪᠤᠷᠢ ᠶᠢᠨ ᠠᠵᠢᠯᠯᠠᠭᠠᠨ ᠤ ᠬᠠᠮᠢᠶᠠᠷᠤᠯᠳᠠ ᠶᠢᠨ ᠵᠦᠪᠯᠡᠯ ᠤᠨ ᠠᠵᠢᠯ ᠤᠨ ᠳᠤᠬᠢᠷᠠᠭᠤᠯᠤᠯᠭ᠎ᠠ ᠪᠡᠷ 7-9 ᠰᠠᠷ᠎ᠠ ᠶᠢᠨ ᠬᠤᠭᠤᠴᠠᠭᠠᠨ ᠳᠤ ᠬᠡᠪᠯᠡᠯ ᠤᠨ ᠪᠦᠳᠦᠬᠡᠭᠳᠡᠬᠦᠨ ᠤ ᠵᠠᠬ᠎ᠠ ᠵᠡᠬᠡᠯᠢ ᠶᠢᠨ ᠡᠮᠬᠢ ᠲᠢᠭ᠍ᠯᠢᠮ ᠢ ᠴᠡᠭᠴᠡᠯᠡᠬᠦ ᠠᠵᠢᠯᠯᠠᠭ᠎ᠠ ᠵᠤᠬᠢᠶᠠᠨ ᠪᠠᠶᠢᠭᠤᠯᠤᠭᠰᠠᠨ ᠪᠠᠶᠢᠨ᠎ᠠ᠃ ᠡᠨᠡᠬᠦ ᠠᠵᠢᠯᠯᠠᠭ᠎ᠠ ᠪᠡᠷ 108 ᠳᠦᠷᠦᠯ ᠤᠨ ᠨᠡᠶᠢᠳᠡ 7300 ᠰᠢᠷᠬᠡᠭ ᠬᠠᠤᠯᠢ ᠪᠤᠰᠤ ᠬᠡᠪᠯᠡᠯ ᠤᠨ ᠪᠦᠳᠦᠬᠡᠭᠳᠡᠬᠦᠨ ᠢ ᠢᠯᠡᠷᠡᠬᠦᠯᠵᠤ᠂ ᠬᠠᠤᠯᠢ ᠳᠦᠷᠢᠮ ᠢ ᠵᠦᠷᠢᠴᠡᠭᠰᠡᠨ 49 ᠴᠡᠭ ᠢ ᠰᠢᠯᠭᠠᠨ ᠳᠤᠳᠤᠯᠠᠵᠤ᠂ ᠳᠦᠷᠢᠮ ᠤᠨ ᠭᠠᠳᠠᠭᠤᠷ ᠬᠡᠪᠯᠡᠵᠤ ᠪᠠᠷᠯᠠᠳᠠᠭ 11 ᠠᠵᠤ ᠠᠬᠤᠶᠢᠯᠠᠯ ᠢ ᠴᠡᠭᠴᠡᠯᠡᠭᠰᠡᠨ ᠪᠠᠶᠢᠨ᠎ᠠ᠃

    ᠡᠨᠡᠬᠦ ᠠᠵᠢᠯᠯᠠᠭ᠎ᠠ ᠶᠢ 7 ᠤᠳᠠᠭ᠎ᠠ ᠬᠤᠪᠢᠶᠠᠨ ᠶᠠᠪᠤᠭᠳᠠᠭᠤᠯᠵᠤ᠂ ᠤᠷᠤᠨ ᠲᠠᠶᠠᠭᠠᠷ ᠤᠨ 14 ᠠᠶᠢᠮᠠᠭ ᠬᠤᠳᠠ ᠵᠢᠴᠢ ᠵᠠᠷᠢᠮ ᠬᠤᠰᠢᠭᠤ ᠰᠢᠶᠠᠨ ᠤ ᠬᠡᠪᠯᠡᠯ ᠤᠨ ᠪᠦᠳᠦᠬᠡᠭᠳᠡᠬᠦᠨ ᠤ ᠵᠠᠬ᠎ᠠ ᠵᠡᠬᠡᠯᠢ ᠳᠤ ᠬᠢᠨᠠᠨ ᠰᠢᠯᠭᠠᠯᠳᠠ ᠬᠢᠭᠰᠡᠨ ᠪᠠᠶᠢᠨ᠎ᠠ᠃ ᠬᠦᠬᠡᠬᠤᠳᠠ᠂ ᠪᠤᠭᠤᠳᠤ᠂ ᠦᠬᠠᠢ᠂ ᠤᠯᠠᠭᠠᠨᠴᠠᠪ ᠬᠤᠳᠠ ᠳᠤ ᠤᠯᠠᠨ ᠳᠠᠬᠢᠨ ᠰᠢᠯᠭᠠᠵᠤ᠂ ᠬᠢᠯᠢ ᠳᠠᠭᠠᠤ 7 ᠠᠶᠢᠮᠠᠭ ᠬᠤᠳᠠ᠂ 47 ᠪᠤᠶᠢᠳᠠ ᠪᠦᠭᠯᠡᠬᠦᠦ ᠬᠤᠰᠢᠭᠤ᠂ 924 ᠬᠡᠪᠯᠡᠯ ᠤᠨ ᠪᠦᠳᠦᠬᠡᠭᠳᠡᠬᠦᠨ ᠪᠦᠬᠡᠮ ᠢᠶᠡᠷ ᠪᠤᠷᠤᠯᠠᠭᠤᠯᠳᠠᠭ ᠭᠠᠵᠠᠷ᠂ ᠡᠯᠧᠺᠲ᠋ᠤᠷᠠᠨ ᠪᠠᠷᠠᠭᠠᠨ ᠤ ᠬᠤᠳᠠᠯᠳᠤᠭ᠎ᠠ᠂ ᠰᠤᠷᠭᠠᠭᠤᠯᠢ ᠶᠢᠨ ᠤᠶᠢᠷ᠎ᠠ ᠬᠠᠪᠢ ᠶᠢᠨ ᠳᠡᠯᠬᠡᠬᠦᠷ᠂ ᠺᠤᠮᠫᠢᠦ᠋ᠲ᠋ᠷ ᠭᠠᠷ ᠤᠳᠠᠰᠤᠨ ᠤ ᠵᠠᠰᠠᠪᠤᠷᠢ ᠶᠢᠨ ᠭᠠᠵᠠᠷ᠂ ᠤᠩᠭᠤᠴᠠᠨ ᠤ ᠪᠠᠭᠤᠳᠠᠯ᠂ ᠳᠦᠷᠬᠡᠨ ᠳᠠᠮᠵᠢᠭᠤᠯᠭ᠎ᠠ᠂ ᠬᠡᠪᠯᠡᠵᠤ ᠪᠠᠷᠯᠠᠬᠤ ᠠᠵᠤ ᠠᠬᠤᠶᠢᠯᠠᠯ ᠵᠡᠷᠬᠡ ᠳᠤ ᠢᠯᠡ ᠪᠡᠷ ᠪᠠᠶᠢᠴᠠᠭᠠᠨ ᠳᠠᠯᠳᠠ ᠡᠴᠡ ᠰᠤᠷᠪᠤᠯᠵᠢᠯᠠᠵᠤ 19 ᠬᠢᠯᠢ ᠶᠢᠨ ᠬᠤᠰᠢᠭᠤ᠂ 41 ᠮᠤᠩᠭᠤᠯ ᠦᠨᠳᠦᠰᠦᠳᠡᠨ ᠳᠦᠪᠯᠡᠷᠡᠨ ᠰᠠᠭᠤᠷᠢᠰᠢᠭᠰᠠᠨ ᠬᠤᠰᠢᠭᠤᠨ ᠳᠤ ᠪᠦᠷ ᠬᠢᠨᠠᠨ ᠰᠢᠯᠭᠠᠭᠰᠠᠨ ᠪᠠᠶᠢᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119693497