蒙古文网站Logo
ᠰᠢᠨᠬᠤᠸᠠ ᠮᠤᠩᠭ᠋ᠤᠯ ᠨᠧᠲ

ᠬᠤᠪᠢ ᠬᠥᠮᠥᠨ ᠦ ᠴᠢᠮᠡᠭᠡ ᠵᠠᠩᠭᠢ ᠶᠢ ᠶᠡᠬᠡᠪᠡᠷ ᠬᠤᠳᠠᠯᠳᠤᠭᠰᠠᠨ 200 ᠭᠠᠷᠤᠢ ᠰᠡᠵᠢᠭᠲᠡᠨ ᠪᠠᠷᠢᠪᠴᠢᠯᠠᠭᠳᠠᠪᠠ

2016-10-12 09:34

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 10 ᠰᠠᠷ᠎ᠠ ᠶᠢᠨ 11 ᠍ ᠦ ᠡᠳᠦᠷ ᠦᠨ ᠮᠡᠳᠡᠭᠡ ᠶᠢ ᠦᠨᠳᠦᠰᠦᠯᠡᠪᠡᠯ᠂ 2015 ᠣᠨ ᠤ 11 ᠰᠠᠷ᠎ᠠ ᠶᠢᠨ 11 ᠍ ᠦ ᠡᠳᠦᠷ ᠦᠨ ᠬᠤᠪᠢ ᠬᠥᠮᠥᠨ ᠦ ᠴᠢᠮᠡᠭᠡ ᠵᠠᠩᠭᠢ ᠶᠢ ᠬᠤᠳᠠᠯᠳᠤᠭᠰᠠᠨ ᠭᠡᠷᠡᠭ ᠢ ᠤᠯᠤᠰ ᠲᠠᠶᠠᠭᠠᠷ ᠤᠨ 25 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠶᠢᠨ ᠴᠠᠭᠳᠠᠭᠠᠨ ᠤ ᠲᠠᠯ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠵᠢᠯᠣᠭᠣᠳᠤᠯᠭ᠎ᠠ ᠪᠠᠷ ᠬᠠᠮᠲᠤᠷᠠᠨ ᠪᠠᠶᠢᠴᠠᠭᠠᠵᠤ᠂ ᠥᠨᠥᠬᠡᠨ ᠲᠣᠰ ᠭᠡᠷᠡᠭ ᠢ ᠪᠠᠶᠢᠴᠠᠭᠠᠨ ᠲᠣᠳᠣᠯᠠᠵᠤ᠂ 200 ᠭᠠᠷᠤᠢ ᠰᠡᠵᠢᠭᠲᠡᠨ ᠢ ᠪᠠᠷᠢᠪᠴᠢᠯᠠᠭᠰᠠᠨ ᠪᠠᠶᠢᠨ᠎ᠠ᠃

    ᠣᠶᠢᠷ᠎ᠠ ᠶᠢᠨ ᠵᠢᠯ ᠳᠦ ᠴᠢᠮᠡᠭᠡ ᠬᠣᠯᠪᠣᠭ᠎ᠠ ᠪᠠᠷ ᠮᠡᠬᠡᠯᠡᠭᠰᠡᠨ ᠭᠡᠷᠡᠭ ᠲᠠᠰᠤᠷᠠᠯᠲᠠ ᠦᠭᠡᠢ ᠭᠠᠷᠴᠤ ᠪᠠᠶᠢᠬᠤ ᠶᠢᠨ ᠴᠢᠬᠤᠯᠠ ᠨᠢᠭᠡ ᠰᠢᠯᠲᠠᠭᠠᠨ ᠨᠢ ᠶᠠᠯᠠᠲᠤ ᠡᠲᠡᠭᠡᠳ ᠮᠠᠰᠢ ᠣᠯᠠᠨ ᠬᠥᠮᠥᠨ ᠦ ᠴᠢᠮᠡᠭᠡ ᠵᠠᠩᠭᠢ ᠶᠢ ᠡᠵᠡᠮᠰᠢᠵᠦ ᠪᠠᠶᠢᠬᠤ ᠠᠴᠠ ᠪᠣᠯᠤᠭᠰᠠᠨ ᠶᠤᠮ᠃ 2015 ᠣᠨ ᠤ 11 ᠰᠠᠷ᠎ᠠ ᠳᠤ᠂ ᠵᠠᠷᠢᠮ ᠬᠥᠮᠥᠨ QQ ᠪᠤᠶᠤ ᠸᠢᠴᠠᠲ ᠳᠡᠭᠡᠷ᠎ᠡ ᠬᠤᠪᠢ ᠬᠥᠮᠥᠨ ᠦ ᠴᠢᠮᠡᠭᠡ ᠵᠠᠩᠭᠢ ᠶᠢ ᠶᠡᠬᠡᠪᠡᠷ ᠬᠤᠳᠠᠯᠳᠤᠵᠤ ᠪᠠᠶᠢᠬᠤ ᠶᠢ ᠮᠦᠭᠳᠡᠨ ᠬᠣᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠣᠯᠵᠤ ᠮᠡᠳᠡᠭᠰᠡᠨ ᠪᠠᠶᠢᠯ᠎ᠠ᠃ ᠮᠦᠭᠳᠡᠨ ᠬᠣᠲᠠ ᠶᠢᠨ ᠴᠠᠭᠳᠠᠭᠠᠨ ᠤ ᠲᠠᠯ᠎ᠠ ᠶᠢᠨ ᠬᠢᠨ 200 ᠭᠠᠷᠤᠢ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠡᠨᠡ ᠭᠡᠷᠡᠭ ᠢ ᠲᠤᠰᠬᠠᠶᠢᠯᠠᠨ ᠪᠠᠶᠢᠴᠠᠭᠠᠵᠤ᠂ ᠤᠯᠤᠰ ᠤᠨ ᠳᠣᠲᠣᠭᠠᠳᠤ ᠶᠢᠨ ᠬᠤᠪᠢ ᠬᠥᠮᠥᠨ ᠦ ᠴᠢᠮᠡᠭᠡ ᠵᠠᠩᠭᠢ ᠶᠢ ᠶᠡᠬᠡᠪᠡᠷ ᠬᠤᠳᠠᠯᠳᠤᠵᠤ ᠪᠠᠶᠢᠭ᠎ᠠ ᠶᠢᠰᠦᠨ ᠳᠣᠮᠣ ᠶᠠᠯᠠᠲᠤ ᠪᠦᠯᠬᠦᠮ ᠪᠠᠶᠢᠬᠤ ᠶᠢ ᠳᠣᠲᠣᠯᠠᠭᠰᠠᠨ ᠪᠠᠶᠢᠨ᠎ᠠ᠃ 2016 ᠣᠨ ᠤ 5 ᠰᠠᠷ᠎ᠠ ᠳᠤ ᠤᠯᠤᠰ ᠲᠠᠶᠠᠭᠠᠷ ᠤᠨ ᠴᠠᠭᠳᠠᠭᠠᠨ ᠤ ᠲᠠᠯ᠎ᠠ ᠶᠢᠨ ᠬᠢᠨ ᠨᠢᠭᠡᠳᠦᠯᠲᠡᠢ ᠠᠵᠢᠯᠯᠠᠭ᠎ᠠ ᠠᠪᠴᠤ᠂ ᠡᠨᠡ ᠭᠡᠷᠡᠭ ᠲᠦ ᠬᠣᠯᠪᠣᠭᠳᠠᠬᠤ 201 ᠰᠡᠵᠢᠭᠲᠡᠨ ᠢ ᠨᠢᠭᠡ ᠳᠣᠣᠷ᠎ᠠ ᠪᠠᠷᠢᠪᠴᠢᠯᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119699931