蒙古文网站Logo
ᠰᠢᠨᠬᠤᠸᠠ ᠮᠤᠩᠭ᠋ᠤᠯ ᠨᠧᠲ

ᠳᠢᠩᠬᠢᠮ ᠳᠤᠪᠴᠢᠶᠠᠨ ᠤ ᠳᠡᠰ ᠤᠨ ᠤᠳᠤᠷᠢᠳᠬᠤ ᠺᠠᠳ᠋ᠷ ᠤᠨ ᠳᠤᠰᠢᠶᠠᠯ ᠳᠤ ᠳᠤᠮᠢᠯᠠᠬᠤ ᠬᠦᠮᠦᠰ ᠤᠨ ᠨᠡᠷᠡᠰ ᠢ ᠵᠠᠷᠯᠠᠪᠠ

2016-10-12 11:49

    ᠦᠪᠦᠷ ᠮᠤᠩᠭᠤᠯ ᠤᠨ ᠦᠪᠡᠷᠳᠡᠬᠡᠨ ᠵᠠᠰᠬᠤ ᠤᠷᠤᠨ ᠤ ᠨᠠᠮ ᠤ ᠬᠤᠷᠢᠶ᠎ᠠ ᠳᠠᠷᠠᠭᠠᠬᠢ 7 ᠬᠦᠮᠦᠨ ᠢ ᠳᠢᠩᠬᠢᠮ ᠳᠤᠪᠴᠢᠶᠠᠨ ᠤ ᠳᠡᠰ ᠤᠨ ᠤᠳᠤᠷᠢᠳᠬᠤ ᠺᠠᠳ᠋ᠷ ᠤᠨ ᠳᠤᠰᠢᠶᠠᠯ ᠳᠤ ᠳᠤᠮᠢᠯᠠᠬᠤ ᠪᠡᠷ ᠰᠤᠳᠤᠯᠤᠨ ᠳᠤᠭᠳᠠᠪᠠ᠃

    ᠨᠢᠬᠡ᠂ ᠨᠡᠷᠡᠰ ᠤᠨ ᠵᠠᠷᠯᠠᠯ

    ᠴᠢ ᠪᠠᠳᠤ᠂ 1971 ᠤᠨ ᠤ 9 ᠰᠠᠷ᠎ᠠ ᠳᠤ ᠳᠦᠷᠦᠪᠡ᠂ ᠮᠤᠩᠭᠤᠯ ᠦᠨᠳᠦᠰᠦᠳᠡᠨ᠂ ᠪᠡᠬᠡᠵᠢᠩ ᠤᠨ ᠭᠠᠳᠠᠭᠠᠳᠤ ᠬᠡᠯᠡᠨ ᠤ ᠶᠡᠬᠡ ᠰᠤᠷᠭᠠᠭᠤᠯᠢ ᠶᠢᠨ ᠮᠠᠬᠢᠰᠲ᠋ᠷ ᠤᠨ ᠰᠤᠷᠤᠯᠭ᠎ᠠ ᠶᠢᠨ ᠨᠠᠮᠳᠠᠷ ᠲᠠᠢ᠂ ᠨᠡᠶᠢᠳᠡ ᠶᠢᠨ ᠬᠠᠮᠢᠶᠠᠷᠤᠯᠳᠠ ᠶᠢᠨ ᠮᠠᠬᠢᠰᠲ᠋ᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠳᠡᠳ᠋ ᠠᠶᠢᠮᠠᠭ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠤᠢ᠃ ᠠᠶᠢᠮᠠᠭ ᠬᠤᠳᠠ ᠶᠢᠨ ᠳᠡᠰ ᠤᠨ ᠵᠢᠩᠬᠢᠨᠢ ᠳᠢᠩᠬᠢᠮ ᠤᠨ ᠳᠡᠰ ᠤᠨ ᠤᠳᠤᠷᠢᠳᠤᠯᠭ᠎ᠠ ᠶᠢᠨ ᠳᠤᠰᠢᠶᠠᠯ ᠳᠤ ᠳᠤᠮᠢᠯᠠᠬᠤ ᠪᠡᠷ ᠪᠤᠯᠪᠠ᠃

    ᠶᠦᠨ ᠬᠤᠧᠠᠢ᠂ 1963 ᠤᠨ ᠤ 1 ᠰᠠᠷ᠎ᠠ ᠳᠤ ᠳᠦᠷᠦᠪᠡ᠂ ᠮᠤᠩᠭᠤᠯ ᠦᠨᠳᠦᠰᠦᠳᠡᠨ᠂ ᠳᠦᠪ ᠤᠨ ᠨᠠᠮ ᠤᠨ ᠰᠤᠷᠭᠠᠭᠤᠯᠢ ᠶᠢᠨ ᠮᠠᠬᠢᠰᠲ᠋ᠷ ᠤᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠤᠢ᠃ ᠠᠶᠢᠮᠠᠭ ᠬᠤᠳᠠ ᠶᠢᠨ ᠳᠡᠰ ᠤᠨ ᠵᠢᠩᠬᠢᠨᠢ ᠳᠢᠩᠬᠢᠮ ᠤᠨ ᠳᠡᠰ ᠤᠨ ᠤᠳᠤᠷᠢᠳᠤᠯᠭ᠎ᠠ ᠶᠢᠨ ᠳᠤᠰᠢᠶᠠᠯ ᠳᠤ ᠳᠤᠮᠢᠯᠠᠬᠤ ᠪᠡᠷ ᠪᠤᠯᠪᠠ᠃

    ᠵᠠᠩ ᠪᠠᠢ ᠴᠧᠩ᠂ 1968 ᠤᠨ ᠤ 11 ᠰᠠᠷ᠎ᠠ ᠳᠤ ᠳᠦᠷᠦᠪᠡ᠂ ᠬᠠᠷᠪᠢᠨ ᠬᠤᠳᠠ ᠶᠢᠨ ᠢᠨᠵᠧᠨᠧᠷᠢᠩ ᠤᠨ ᠶᠡᠬᠡ ᠰᠤᠷᠭᠠᠭᠤᠯᠢ ᠶᠢᠨ ᠮᠠᠬᠢᠰᠲ᠋ᠷ ᠤᠨ ᠰᠤᠷᠤᠯᠭ᠎ᠠ ᠶᠢᠨ ᠨᠠᠮᠳᠠᠷ ᠲᠠᠢ᠂ ᠢᠨᠵᠧᠨᠧᠷᠢᠩ ᠤᠨ ᠮᠠᠬᠢᠰᠲ᠋ᠷ᠂ ᠳᠡᠬᠡᠳᠦ ᠵᠡᠷᠬᠡᠯᠡᠯ ᠤᠨ ᠢᠨᠵᠧᠨᠧᠷᠢᠩ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠬᠢᠬᠡᠳ ᠰᠤᠷᠠᠭ ᠵᠠᠩᠬᠢᠵᠢᠯᠳᠠ ᠶᠢᠨ ᠵᠦᠪᠯᠡᠯ (ᠤᠯᠤᠰ ᠤᠨ ᠰᠡᠷᠬᠡᠶᠢᠯᠡᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠤ ᠦᠢᠯᠡᠳᠪᠦᠷᠢ ᠶᠢᠨ ᠠᠯᠪᠠᠨ ᠬᠡᠷ) ᠤᠨ ᠨᠠᠮ ᠤᠨ ᠳᠤᠭᠤᠶᠢᠯᠠᠩ ᠤᠨ ᠬᠡᠰᠢᠬᠦᠨ᠂ ᠳᠡᠳ᠋ ᠡᠷᠬᠢᠯᠡᠭᠴᠢ᠃ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠢᠩᠬᠢᠨᠢ ᠳᠢᠩᠬᠢᠮ ᠤᠨ ᠳᠡᠰ ᠤᠨ ᠤᠳᠤᠷᠢᠳᠤᠯᠭ᠎ᠠ ᠶᠢᠨ ᠳᠤᠰᠢᠶᠠᠯ ᠳᠤ ᠳᠤᠮᠢᠯᠠᠬᠤ ᠪᠡᠷ ᠪᠤᠯᠪᠠ᠃

    ᠼᠤᠤ ᠽᠢ ᠶᠠᠩ᠂ 1973 ᠤᠨ ᠤ 10 ᠰᠠᠷ᠎ᠠ ᠳᠤ ᠳᠦᠷᠦᠪᠡ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠬᠦᠳᠡᠬᠡ ᠠᠵᠤ ᠠᠬᠤᠢ ᠶᠢ ᠳᠦᠬᠡᠮᠡᠯᠵᠢᠬᠦᠯᠬᠦ ᠮᠠᠬᠢᠰᠲ᠋ᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠹᠧᠩ ᠵᠧᠩ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠢ ᠬᠠᠷᠢᠭᠤᠴᠠᠵᠤ ᠪᠤᠢ᠃ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠡᠷ᠎ᠡ ᠳᠡᠪᠰᠢᠭᠴᠢ ᠪᠡᠷ ᠳᠤᠮᠢᠯᠠᠬᠤ ᠪᠡᠷ ᠪᠤᠯᠪᠠ᠃

    ᠵᠠᠢ ᠴᠧᠨ ᠸᠧᠨ᠂ 1962 ᠤᠨ ᠤ 6 ᠰᠠᠷ᠎ᠠ ᠳᠤ ᠳᠦᠷᠦᠪᠡ᠂ ᠳᠦᠪ ᠤᠨ ᠨᠠᠮ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠤᠯᠠᠭᠠᠨᠴᠠᠪ ᠬᠤᠳᠠ ᠶᠢᠨ ᠵᠠᠮ ᠬᠠᠷᠢᠯᠴᠠᠭ᠎ᠠ ᠳᠡᠬᠡᠬᠡᠪᠦᠷᠢ ᠶᠢᠨ ᠳᠤᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠳᠤᠪᠴᠢᠶᠠᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠤᠢ᠃ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠡᠷ᠎ᠡ ᠳᠡᠪᠰᠢᠭᠴᠢ ᠪᠡᠷ ᠳᠤᠮᠢᠯᠠᠬᠤ ᠪᠡᠷ ᠪᠤᠯᠪᠠ᠃

    ᠵᠤᠤ ᠽᠢ ᠪᠢᠨ᠂ 1963 ᠤᠨ ᠤ 4 ᠰᠠᠷ᠎ᠠ ᠳᠤ ᠳᠦᠷᠦᠪᠡ᠂ ᠦᠪᠦᠷ ᠮᠤᠩᠭᠤᠯ ᠤᠨ ᠳᠠᠷᠢᠶᠠᠯᠠᠩ ᠤᠨ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠪᠠᠶᠠᠨᠨᠠᠭᠤᠷ ᠬᠤᠳᠠ ᠶᠢᠨ ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠬᠡᠰᠢᠬᠦᠨ᠂ ᠨᠠᠷᠢᠨ ᠪᠢᠴᠢᠭ᠌ ᠤᠨ ᠳᠠᠷᠤᠭ᠎ᠠ᠂ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ (ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠯᠪᠠᠨ ᠬᠡᠷ) ᠤᠨ ᠨᠠᠮ ᠤᠨ ᠳᠤᠭᠤᠶᠢᠯᠠᠩ ᠤᠨ ᠬᠡᠰᠢᠬᠦᠨ᠂ ᠱᠤᠧᠠᠩ ᠡᠾᠧ ᠳᠤᠭᠤᠷᠢᠭ ᠤᠨ ᠦᠬᠡᠷᠡᠴᠢᠯᠡᠯᠳᠡ ᠨᠡᠬᠡᠬᠡᠯᠳᠡ ᠶᠢᠨ ᠬᠠᠮᠢᠶᠠᠷᠤᠯᠳᠠ ᠶᠢᠨ ᠵᠦᠪᠯᠡᠯ ᠤᠨ ᠨᠠᠮ ᠤᠨ ᠠᠵᠢᠯ ᠤᠨ ᠬᠤᠷᠢᠶᠠᠨ ᠤ ᠱᠦᠵᠢ ᠶᠢᠨ ᠳᠤᠰᠢᠶᠠᠯ ᠢ ᠬᠠᠷᠢᠭᠤᠴᠠᠵᠤ ᠪᠤᠢ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠡᠷ᠎ᠡ ᠳᠡᠪᠰᠢᠭᠴᠢ ᠪᠡᠷ ᠳᠤᠮᠢᠯᠠᠬᠤ ᠪᠡᠷ ᠪᠤᠯᠪᠠ᠃

    ᠯᠢ ᠵᠢᠶᠠᠨ ᠵᠢᠶᠦ᠋ᠨ᠂ 1963 ᠤᠨ ᠤ 7 ᠰᠠᠷ᠎ᠠ ᠳᠤ ᠳᠦᠷᠦᠪᠡ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠮᠠᠬᠢᠰᠲ᠋ᠷ ᠤᠨ ᠨᠠᠮᠳᠠᠷ ᠲᠠᠢ᠂ ᠳᠡᠬᠡᠳᠦ ᠳᠡᠰ ᠤᠨ ᠡᠳ᠋ ᠤᠨ ᠵᠠᠰᠠᠭ ᠤᠨ ᠢᠨᠵᠧᠨᠧᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠡᠷ ᠳ᠋ᠧᠩᠺᠧᠤ ᠰᠢᠶᠠᠨ ᠤ ᠨᠠᠮ ᠤᠨ ᠬᠤᠷᠢᠶᠠᠨ ᠤ ᠱᠦᠵᠢ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠡᠷ᠎ᠡ ᠳᠡᠪᠰᠢᠭᠴᠢ ᠪᠡᠷ ᠳᠤᠮᠢᠯᠠᠬᠤ ᠪᠡᠷ ᠪᠤᠯᠪᠠ᠃

    ᠵᠠᠷᠯᠠᠬᠤ ᠬᠤᠭᠤᠴᠠᠭ᠎ᠠ᠄ 2016 ᠤᠨ ᠤ 10 ᠰᠠᠷ᠎ᠠ ᠶᠢᠨ 12 ᠡᠴᠡ 2016 ᠤᠨ ᠤ 10 ᠰᠠᠷ᠎ᠠ ᠶᠢᠨ 18 ᠤ ᠡᠳᠦᠷ

    ᠰᠠᠨᠠᠯ ᠬᠦᠯᠢᠶᠡᠬᠦ᠄ ᠬᠤᠪᠢ ᠬᠦᠮᠦᠨ ᠪᠤᠯᠤᠨ ᠪᠠᠶᠢᠭᠤᠯᠭ᠎ᠠ ᠶᠢᠨ ᠳᠤᠰᠬᠠᠭᠰᠠᠨ ᠠᠰᠠᠭᠤᠳᠠᠯ ᠪᠤᠯᠤᠨ ᠰᠠᠨᠠᠯ ᠤᠨ ᠨᠢᠭᠤᠴᠠ ᠶᠢ ᠬᠠᠮᠠᠭᠠᠯᠠᠵᠤ ᠨᠠᠷᠢᠨ ᠪᠠᠶᠢᠴᠠᠭᠠᠯᠳᠠ ᠬᠢᠨ᠎ᠡ᠃ ᠰᠠᠨᠠᠯ ᠬᠦᠯᠢᠶᠡᠬᠦ ᠠᠯᠪᠠᠨ ᠬᠡᠷ ᠢ ᠦᠪᠦᠷ ᠮᠤᠩᠭᠤᠯ ᠤᠨ ᠨᠠᠮ ᠵᠠᠰᠠᠭ ᠤᠨ ᠠᠯᠪᠠᠨ ᠠᠰᠠᠷ ᠤᠨ 401 ᠦᠷᠦᠬᠡᠨ ᠳᠤ ᠳᠤᠬᠢᠷᠠᠭᠤᠯᠪᠠ᠂ ᠠᠵᠢᠯᠯᠠᠬᠤ ᠡᠳᠦᠷ ᠤᠨ 9᠄00-12᠄00 ᠴᠠᠭ ᠪᠠ 13᠄30-17᠄00 ᠴᠠᠭ ᠤᠨ ᠬᠤᠭᠤᠷᠤᠨᠳᠤ ᠰᠠᠨᠠᠯ ᠳᠤᠰᠤᠨ᠎ᠠ᠃

    ᠤᠳᠠᠰᠤ᠄ (0471) 12380

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ

    2016 ᠤᠨ ᠤ 10 ᠰᠠᠷ᠎ᠠ ᠶᠢᠨ 11 ᠤ ᠡᠳᠦᠷ

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119701651