蒙古文网站Logo
ᠰᠢᠨᠬᠤᠸᠠ ᠮᠤᠩᠭ᠋ᠤᠯ ᠨᠧᠲ

ᠳ᠋ᠤᠧᠠᠨ ᡁᠢ ᠴᠢᠶᠠᠩ ᠨᠦᠬᠦᠷ ᠢ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠳᠤᠮᠢᠯᠠᠪᠠ

2016-10-13 15:23

    ᠰᠢᠨᠬᠤᠧᠠ ᠬᠤᠷᠢᠶᠠᠨ ᠤ ᠰᠢᠭᠤᠷᠬᠠᠢ ᠮᠡᠳᠡᠬᠡ ᠍   ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤ ᠬᠤᠷᠢᠶᠠᠨ ᠤ ᠳᠤᠭᠳᠠᠭᠠᠯ᠄ ᠳ᠋ᠤᠧᠠᠨ ᡁᠢ ᠴᠢᠶᠠᠩ (ᠮᠤᠩᠭᠤᠯ ᠦᠨᠳᠦᠰᠦᠳᠡᠨ) ᠨᠦᠬᠦᠷ ᠢ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠲᠤᠮᠢᠯᠠᠵᠦ᠂ ᠵᠠᠩ ᠰᠢᠶᠤᠤ ᠪᠢᠩ ᠨᠦᠬᠦᠷ ᠢ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠶᠠᠨᠨᠠᠭᠤᠷ ᠬᠤᠳᠠ ᠶᠢᠨ ᠬᠤᠳᠠ ᠶᠢᠨ ᠳᠠᠷᠤᠭ᠎ᠠ ᠶᠢᠨ ᠨᠡᠷ᠎ᠡ ᠳᠡᠪᠰᠢᠭᠴᠢ ᠪᠡᠷ ᠳᠤᠮᠢᠯᠠᠪᠠ᠃

    ᠳ᠋ᠤᠧᠠᠨ ᡁᠢ ᠴᠢᠶᠠᠩ᠂ ᠡᠷᠡᠭᠳᠡᠢ᠂ ᠮᠤᠩᠭᠤᠯ ᠦᠨᠳᠦᠰᠦᠳᠡᠨ᠂ 1962 ᠤᠨ ᠤ 7 ᠰᠠᠷ᠎ᠠ ᠳᠤ ᠳᠦᠷᠦᠪᠡ᠂ ᠦᠪᠦᠷ ᠮᠤᠩᠭᠤᠯ ᠤᠨ ᠵᠠᠯᠠᠶᠢᠳ ᠬᠤᠰᠢᠭᠤᠨ ᠤ ᠬᠦᠮᠦᠨ᠂ ᠮᠠᠬᠢᠰᠲ᠋ᠷ ᠤᠨ ᠰᠤᠷᠤᠯᠭ᠎ᠠ ᠶᠢᠨ ᠨᠠᠮᠳᠠᠷ ᠲᠠᠢ᠂ 1987 ᠤᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1984 ᠤᠨ ᠤ 8 ᠰᠠᠷ᠎ᠠ ᠳᠤ ᠠᠵᠢᠯ ᠤᠨ ᠪᠠᠶᠢᠷᠢᠨ ᠳᠤ ᠭᠠᠷᠪᠠ᠃ ᠳᠡᠷᠡᠪᠡᠷ ᠦᠪᠦᠷ ᠮᠤᠩᠭᠤᠯ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ᠂ ᠬᠦᠯᠦᠨ ᠪᠤᠶᠢᠷ ᠬᠤᠳᠠ ᠶᠢᠨ ᠬᠠᠶᠢᠯᠠᠷ ᠳᠤᠭᠤᠷᠢᠭ ᠤᠨ ᠨᠠᠮ ᠤᠨ ᠬᠤᠷᠢᠶᠠᠨ ᠤ ᠱᠦᠵᠢ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠡᠷᠬᠡ ᠳᠤᠰᠢᠶᠠᠯ ᠤᠳ ᠢ ᠬᠠᠷᠢᠭᠤᠴᠠᠵᠤ ᠪᠠᠶᠢᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119711381