蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠲᠢᠶᠠᠨ ᠰᠢᠤᠸᠠᠢ ᠪᠢᠨ ᠨᠠᠷ ᠲᠠᠢ ᠠᠭᠤᠯᠵᠠᠪᠠ

2016-10-16 16:36

    10 ᠰᠠᠷ᠎ᠠ ᠶᠢᠨ 14 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠬᠦᠬᠡᠬᠤᠳᠠ ᠳᠤ ᠤᠰᠤᠨ ᠠᠰᠢᠬᠯᠠᠯᠳᠠ ᠶᠢᠨ ᠶᠠᠮᠤᠨ ᠤ ᠲᠡᠳ᠋ ᠰᠠᠶᠢᠳ ᠲᠢᠶᠠᠨ ᠰᠢᠤᠸᠠᠢ ᠪᠢᠨ ᠢᠶᠠᠷ ᠲᠤᠭᠤᠢᠢᠯᠠᠩ ᠤᠨ ᠲᠠᠷᠤᠭ᠎ᠠ ᠪᠤᠯᠭᠠᠭᠰᠠᠠ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠠᠷᠢᠶᠠᠯᠠᠩ ᠤᠨ ᠨᠠᠶᠢᠳᠡᠮ ᠪᠠᠶᠢᠴᠠᠭᠠᠯᠳᠠ ᠶᠢᠨ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠲᠠᠢ ᠠᠭᠤᠯᠵᠠᠪᠠ᠃ 

    10 ᠰᠠᠷ᠎ᠠ ᠶᠢᠨ 14 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠬᠦᠬᠡᠬᠤᠳᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠠᠷᠢᠶᠠᠯᠠᠩ ᠤᠨ ᠨᠠᠶᠢᠳᠡᠮ ᠪᠠᠶᠢᠴᠠᠭᠠᠯᠳᠠ ᠶᠢᠨ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠲᠠᠢ ᠠᠭᠤᠯᠵᠠᠪᠠ᠃ ᠯᠢ ᠵᠢᠢ ᠡᡁᠧᠩ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠦᠪᠤᠷ ᠮᠤᠩᠭ᠋ᠤᠯ ᠳᠤ ᠢᠷᠡᠵᠥ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠵᠥ ᠪᠠᠶᠢᠬᠤ ᠶᠢ ᠤᠬᠳᠤᠵᠥ ᠪᠠᠶᠢᠬᠤ ᠪᠠᠨ ᠢᠯᠡᠳᠬᠡᠭ᠍ᠰᠡᠡ ᠪᠦᠭᠡᠳ ᠦᠪᠡᠷᠳᠡᠭᠡᠨ ᠵᠠᠰᠠᠬᠤ ᠤᠷᠤᠨ ᠤ ᠠᠵᠥ ᠠᠬᠤᠢ ᠨᠡᠶᠢᠭᠡᠮ ᠤᠨ ᠬᠦᠭ᠍ᠵᠢᠯᠳᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠪᠤᠷ ᠮᠤᠩᠭ᠋ᠤᠯ ᠪᠤᠯ ᠮᠠᠯ ᠠᠵᠥ ᠠᠬᠤᠢ ᠶᠢᠨ ᠬᠦᠴᠦᠷᠭᠡᠭ ᠤᠷᠤᠨ ᠪᠦᠬᠡᠳ ᠪᠦᠬᠦ ᠤᠯᠤᠰ ᠤᠨ ᠠᠮᠤ ᠪᠤᠳᠠᠭᠠᠨ ᠤ ᠭᠠᠷᠭᠠᠯᠳᠠ ᠶᠢᠨ ᠤᠷᠤᠨ ᠪᠠᠶᠢᠵᠤ᠂ ᠤᠢᠢᠷ᠎ᠠ ᠶᠢᠨ ᠵᠢᠯ ᠠᠴᠠ ᠠᠵᠥ ᠠᠬᠤᠢ ᠨᠡᠶᠢᠭᠡᠮ ᠤᠨ ᠬᠦᠭ᠍ᠵᠢᠯᠳᠡ ᠲᠤᠩ ᠰᠠᠶᠢᠨ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠮᠠᠯ ᠠᠵᠦ ᠠᠬᠤᠢ ᠳᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠮᠠᠯ ᠠᠵᠦ ᠠᠬᠤᠢ ᠳᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠭᠤᠤᠯ ᠠᠵᠢᠯ ᠤᠨ ᠬᠦᠷᠢᠶ᠎ᠠ ᠬᠡᠪᠴᠢᠶᠡᠨ ᠳᠡᠭᠡᠨ ᠤᠷᠤᠭᠤᠯᠵᠦ᠂ ᠵᠤᠬᠢᠴᠠᠭᠤᠯᠤᠨ ᠳᠤᠬᠢᠷᠠᠭᠤᠯᠬᠤ ᠶᠢ ᠴᠢᠩᠭ᠋ᠠᠳᠬᠠᠵᠦ᠂ ᠴᠤᠬ ᠲᠤᠨᠢ ᠠᠳᠬᠤᠨ ᠬᠠᠮᠳᠤ ᠳᠤᠨᠢ ᠬᠠᠮᠢᠶᠠᠷᠬᠤ ᠶᠢ ᠬᠦᠢᠴᠡᠳᠬᠡᠵᠦ᠂ ᠮᠠᠯ ᠠᠵᠦ ᠠᠬᠤᠢ ᠳᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠦᠨᠳᠦᠷ ᠪᠠᠷᠢᠮᠵᠢᠶ᠎ᠠ ᠲᠠᠢ ᠴᠢᠨᠠᠷ ᠰᠠᠶᠢᠳᠠᠢ ᠰᠠᠶᠢᠳᠤᠷ ᠬᠢᠬᠦ ᠶᠢ ᠦᠨᠡᠨᠬᠦ ᠪᠠᠳᠤᠯᠠᠵᠦ ᠪᠤᠢ᠃ ᠤᠳᠤᠬᠠᠨ ᠳᠤ ᠪᠦᠬᠦ ᠤᠷᠤᠨ ᠤ ᠮᠠᠯ ᠠᠵᠦ ᠠᠬᠤᠢ ᠳᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠶᠠᠬ ᠯᠠᠪᠳᠠᠭᠤᠨ ᠪᠠᠳᠤᠳᠠᠢ ᠡᠮᠬᠢ ᠳᠠᠷᠠᠭ᠎ᠠ ᠲᠠᠢ ᠶᠡᠪᠤᠬᠳᠠᠵᠦ ᠪᠠᠶᠢᠨ᠎ᠠ᠃ ᠪᠢᠳᠡ ᠲᠤᠰ ᠤᠳᠠᠭ᠎ᠠ ᠶᠢᠨ ᠱᠠᠯᠠᠪᠳᠠᠭᠤᠯᠤᠨ ᠪᠠᠶᠢᠴᠠᠭᠠᠯᠳᠠ ᠪᠠᠷ ᠠᠵᠠ ᠳᠤᠬᠢᠶᠠᠯ ᠪᠤᠯᠭᠠᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠡᠯ᠎ᠠ ᠳᠦᠷᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠠᠶᠢᠳᠤᠷ ᠨᠠᠶᠢᠳᠠᠪᠤᠷᠢᠵᠢᠭᠤᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠤᠬᠠᠭᠤᠯᠤᠨ ᠳᠠᠶᠢᠴᠢᠯᠠᠬᠤ ᠠᠵᠢᠯ ᠢ ᠴᠢᠨᠠᠬᠰᠢᠳᠠ ᠴᠢᠩᠭ᠋ᠠᠳᠬᠠᠨ᠂ ᠠᠵᠢᠯ ᠤᠨ ᠳᠤᠮᠳᠠ ᠳᠤᠯᠭᠠᠷᠠᠬᠤ ᠬᠦᠴᠢᠷᠳᠡᠯ ᠪᠤᠯᠤᠨ ᠠᠰᠠᠭᠤᠳᠠᠯ ᠢ ᠴᠠᠬ ᠳᠤᠬᠠᠢ ᠳᠤᠨᠢ ᠰᠠᠶᠢᠳᠤᠷ ᠰᠢᠢᠳᠪᠤᠷᠢᠯᠡᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠬᠰᠢᠳᠠᠢ ᠶᠠᠪᠤᠬᠳᠠᠬᠤ ᠳᠤ ᠰᠠᠶᠢᠨ ᠰᠠᠶᠢᠬᠠᠨ ᠨᠦᠬᠦᠴᠡᠯ ᠡᠬᠦᠳᠴᠤ᠂ ᠬᠦᠴᠦᠳᠡᠢ ᠪᠠᠳᠤᠯᠠᠭ᠎ᠠ ᠬᠠᠩᠭᠠᠨ᠎ᠠ᠃ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠠᠴᠠ ᠦᠪᠦᠷ ᠮᠤᠩᠭ᠋ᠤᠯ ᠤᠨ ᠨᠡᠶᠢᠳᠡᠮ ᠪᠠᠶᠢᠴᠠᠭᠠᠯᠳᠠ ᠶᠢᠨ ᠠᠵᠢᠯ ᠳᠤ ᠨᠡᠩ ᠤᠯᠠᠨ ᠵᠢᠯᠤᠭᠤᠳᠤᠯᠭ᠎ᠠ ᠬᠠᠩᠭ᠋ᠠᠬᠤ ᠶᠢ ᠬᠦᠰᠡᠵᠦ ᠪᠠᠶᠢᠨ᠎ᠠ᠂ ᠤᠰᠤᠨ ᠠᠰᠢᠬᠯᠠᠯᠳᠠ ᠶᠢᠨ ᠶᠠᠮᠤᠨ ᠠᠴᠠ ᠴᠢᠬᠤᠯᠠ ᠶᠡᠭᠡ ᠤᠰᠤᠨ ᠠᠰᠢᠬᠯᠠᠯᠳᠠ ᠶᠢᠨ ᠢᠨᠵᠧᠨᠧᠷᠢᠩ᠂ ᠬᠦᠮᠦᠨ ᠮᠠᠯ ᠤᠨ ᠤᠰᠤ ᠤᠮᠳᠠ ᠶᠢᠨ ᠠᠮᠤᠷ ᠳᠦᠪᠰᠢᠨ ᠵᠡᠷᠬᠡ ᠳᠠᠯ᠎ᠠ ᠪᠠᠷ ᠦᠪᠦᠷ ᠮᠤᠩᠭ᠋ᠤᠯ ᠳᠤ ᠨᠡᠩ ᠶᠡᠭᠡ ᠳᠡᠮᠵᠢᠯᠬᠡ ᠦᠵᠡᠬᠦᠯᠬᠦ ᠶᠢ ᠬᠦᠰᠡᠵᠦ ᠪᠠᠶᠢᠨ᠎ᠠ ᠬᠡᠪᠡ᠃

    ᠲᠢᠶᠠᠨ ᠰᠢᠤᠸᠠᠢ ᠪᠢᠨ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠰ ᠤᠳᠠᠭ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠴᠢᠬᠤᠯᠠᠴᠢᠯᠠᠨ ᠦᠵᠡᠭᠰᠡᠨ ᠪᠠ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ ᠲᠤᠭᠤᠷᠢᠨ ᠦᠵᠡᠵᠤ ᠪᠠᠶᠢᠴᠠᠭᠠᠨ ᠰᠤᠳᠤᠯᠤᠯᠳᠡ ᠬᠢᠭᠰᠡᠡ ᠪᠠᠶᠢᠳᠠᠯ ᠲᠠᠢ ᠪᠠᠨ ᠤᠶᠠᠯᠳᠤᠭᠤᠯᠤᠨ ᠦᠪᠦᠷ ᠮᠤᠩᠭ᠋ᠤᠯ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠡᠮᠤᠨᠡᠬᠢ ᠬᠤᠭᠤᠴᠠᠭᠠᠨ ᠤ ᠠᠵᠢᠯ ᠢ ᠭᠦᠢᠴᠡᠳ ᠨᠤᠳᠠᠯᠠᠵᠠᠢ᠃ ᠲᠡᠷᠡ ᠬᠡᠯᠡᠭᠰᠡᠨ ᠨᠢ᠂ ᠦᠪᠦᠷ ᠮᠤᠩᠭ᠋ᠤᠯ ᠤᠨ ᠬᠢᠨ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠨᠡᠶᠢᠳᠡᠮ ᠪᠠᠶᠢᠴᠠᠭᠠᠬᠤ ᠪᠠᠶᠢᠭᠤᠯᠤᠮᠵᠢ ᠶᠢᠨ ᠵᠤᠬᠢᠶᠠᠨ ᠪᠠᠶᠢᠭᠤᠯᠤᠯᠲᠠ᠂ ᠠᠵᠢᠯᠳᠠᠨ ᠤ ᠲᠤᠬᠢᠷᠠᠭᠤᠯᠤᠯᠲᠠ ᠪᠠ ᠵᠠᠷᠤᠳᠠᠯ ᠡᠳ᠋ ᠪᠤᠳᠠᠰ ᠤᠨ ᠪᠠᠲᠤᠯᠠᠭ᠎ᠠ ᠵᠡᠷᠭᠡ ᠶᠢ ᠬᠦᠴᠦᠳᠠᠢ ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠪᠡᠯᠡᠳᠭᠡᠯ ᠠᠵᠢᠯ ᠢᠶᠠᠨ ᠡᠮᠬᠢ ᠵᠢᠷᠤᠮ ᠲᠠᠢ ᠦᠷᠨᠢᠭᠦᠯᠤᠨ ᠱᠠᠳᠤᠴᠢ ᠴᠢᠨᠠᠷᠲᠠᠢ ᠠᠮᠵᠢᠯᠲᠠ ᠤᠯᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠬᠢᠨ ᠦᠪᠦᠷ ᠮᠤᠩᠭ᠋ᠤᠯ ᠲᠠᠢ ᠬᠠᠮᠲᠤᠷᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠲᠤᠷ ᠬᠢᠬᠦ ᠮᠦᠷᠲᠡᠭᠡᠨ ᠦᠪᠦᠷ ᠮᠤᠩᠭ᠋ᠤᠯ ᠤᠨ ᠮᠠᠯ ᠠᠵᠥ ᠠᠬᠤᠢ ᠲᠠᠷᠢᠶᠠᠯᠠᠩ ᠤᠨ ᠬᠦᠭᠵᠢᠯᠲᠠ ᠶᠢ ᠦᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠨ᠎ᠠ ᠬᠡᠵᠠᠢ᠃

    ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠢᠤᠢ ᠮᠢᠩ ᠠᠭᠤᠯᠵᠠᠯᠲᠠ ᠳᠤ ᠤᠷᠤᠯᠴᠠᠪᠠ᠃

 

ᠢᠷᠡᠯᠳᠡ᠄ ᠲᠤᠮᠳᠠᠳᠤ ᠤᠯᠤᠰ ᠤᠨ ᠮᠤᠩᠭ᠋ᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119727066