蒙古文网站Logo
ᠰᠢᠨᠬᠤᠸᠠ ᠮᠤᠩᠭ᠋ᠤᠯ ᠨᠧᠲ

ᠴᠠᠬᠢᠯᠭᠠᠨ ᠬᠤᠯᠪᠤᠭᠠᠨ ᠤ ᠮᠡᠬᠡᠯᠡᠨ ᠯᠤᠶᠢᠪᠠᠷᠳᠠᠭᠰᠠᠨ 7.7 ᠳᠦᠮᠡᠨ ᠬᠡᠷᠡᠭ ᠢ ᠢᠯᠡᠷᠡᠬᠦᠯᠵᠤ 47.5 ᠳ᠋ᠦᠩᠰᠢᠭᠤᠷ ᠤᠨ ᠬᠤᠬᠢᠷᠠᠯ ᠢ ᠡᠬᠡᠬᠦᠯᠵᠡᠢ

2016-10-18 09:38

    ᠳᠤᠳᠤᠭᠠᠳᠤ ᠶᠢ ᠬᠠᠮᠠᠭᠠᠯᠠᠬᠤ ᠶᠠᠮᠤᠨ 17 ᠤ ᠡᠳᠦᠷ ᠤᠯᠤᠰ ᠲᠠᠶᠠᠭᠠᠷ ᠤᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠤᠭᠠᠨ ᠤ ᠮᠡᠬᠡᠯᠡᠨ ᠯᠤᠶᠢᠪᠠᠷᠳᠠᠭᠰᠠᠨ ᠬᠡᠷᠡᠭ ᠲᠤ ᠴᠤᠬᠢᠯᠳᠠ ᠦᠭᠬᠦ ᠲᠧᠯᠧᠶ᠋ᠰ ᠤᠳᠠᠰᠤᠳᠤ ᠬᠤᠷᠠᠯ ᠬᠤᠷᠠᠯᠳᠤᠭᠤᠯᠵᠤ᠂ ᠡᠯ᠎ᠡ ᠮᠤᠵᠢ ᠶᠢᠨ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠮᠤᠵᠢ ᠬᠤᠳᠠ ᠶᠢᠨ ᠢᠶᠡᠨ ᠬᠤᠶᠠᠷ ᠱᠠᠳᠤᠨ ᠤ ᠮᠡᠬᠡᠯᠡᠨ ᠯᠤᠶᠢᠪᠠᠷᠳᠠᠭᠰᠠᠨ ᠬᠡᠷᠡᠭ ᠲᠤ ᠴᠤᠬᠢᠯᠳᠠ ᠦᠭᠬᠦ ᠳᠦᠪ ᠤᠨ ᠪᠠᠶᠢᠭᠤᠯᠤᠯᠳᠠ ᠶᠢᠨ ᠴᠠᠭ ᠤᠨ ᠬᠤᠪᠢᠶᠠᠷᠢ ᠭᠠᠷᠭᠠᠵᠤ᠂ ᠪᠠᠷᠢᠯᠭ᠎ᠠ ᠶᠢ ᠪᠠᠷᠢᠮᠵᠢᠶ᠎ᠠ ᠳᠤ ᠨᠡᠶᠢᠴᠡᠬᠦᠯᠦᠨ᠂ ᠴᠢᠳᠠᠪᠬᠢ ᠶᠢᠨ ᠪᠠᠶᠢᠷᠢᠯᠠᠯ ᠢ ᠳᠤᠳᠤᠷᠬᠠᠢ ᠳᠤᠭᠳᠠᠭᠠᠵᠤ᠂ ᠳᠤᠭᠳᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠬᠤ ᠶᠢ ᠪᠠᠳᠤᠯᠠᠬᠤ ᠬᠡᠷᠡᠭᠳᠡᠢ ᠬᠡᠵᠡᠢ᠃ ᠮᠦᠨ ᠴᠠᠬᠢᠯᠭᠠᠨ ᠬᠤᠯᠪᠤᠭᠠᠨ ᠤ ᠮᠡᠬᠡᠯᠡᠨ ᠯᠤᠶᠢᠪᠠᠷᠳᠠᠭᠰᠠᠨ ᠬᠡᠷᠡᠭ ᠡᠬᠦᠰᠬᠦ ᠲᠠᠢ ᠵᠡᠷᠬᠡ ᠴᠠᠬᠢᠯᠭᠠᠨ ᠬᠤᠯᠪᠤᠭᠠᠨ ᠤ ᠠᠵᠤ ᠠᠬᠤᠶᠢᠯᠠᠯ᠂ ᠪᠠᠩᠬᠢ᠂ ᠳᠦᠯᠦᠪᠦᠷᠢ ᠬᠢᠬᠦ ᠪᠠᠶᠢᠭᠤᠯᠤᠮᠵᠢ ᠵᠡᠷᠬᠡ ᠠᠵᠤ ᠠᠬᠤᠶᠢᠯᠠᠯ ᠨᠢᠬᠡᠴᠡ ᠶᠢᠨ ᠬᠠᠷᠢᠭᠤᠴᠠᠯᠭ᠎ᠠ ᠶᠢ ᠳᠤᠤᠱᠯᠠᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠬᠤ ᠬᠡᠷᠡᠭᠳᠡᠢ᠃ ᠰᠠᠯᠪᠤᠷᠢ ᠶᠢᠨ ᠬᠠᠮᠢᠶᠠᠷᠤᠯᠳᠠ ᠶᠢᠨ ᠬᠠᠷᠢᠭᠤᠴᠠᠯᠭ᠎ᠠ ᠪᠡᠨ ᠳᠤᠤᠱᠯᠠᠭᠤᠯᠤᠭᠰᠠᠨ ᠦᠬᠡᠢ ᠳᠤᠬᠢᠶᠠᠯᠳᠤᠯ ᠳᠤ ᠭᠤᠤᠯ ᠬᠠᠮᠢᠶᠠᠷᠬᠤ ᠨᠢᠬᠡᠴᠡ ᠡᠴᠡ ᠬᠠᠷᠢᠭᠤᠴᠠᠯᠭ᠎ᠠ ᠨᠡᠬᠡᠮᠵᠢᠯᠡᠨ᠎ᠡ ᠬᠡᠰᠡᠨ ᠪᠠᠶᠢᠨ᠎ᠠ᠃

    ᠬᠤᠷᠠᠯ ᠢᠶᠡᠷ᠂ ᠡᠶᠢᠮᠦᠷᠬᠦ ᠬᠡᠷᠡᠭ ᠲᠠᠢ ᠳᠤᠬᠢᠶᠠᠯᠳᠤᠭᠰᠠᠨ ᠪᠠᠶᠢᠳᠠᠯ ᠳᠤ ᠡᠰᠡᠷᠬᠦ ᠡᠳᠡᠬᠡᠳ ᠤᠨ ᠨᠡᠷ᠎ᠡ᠂ ᠳᠠᠩᠰᠠᠨ ᠤ ᠳ᠋ᠤᠭᠠᠷ ᠢ ᠨᠠᠷᠢᠨ ᠳᠤᠳᠤᠷᠬᠠᠢ ᠳᠡᠮᠳᠡᠭᠯᠡᠵᠤ᠂ ᠳᠡᠷᠡ ᠳᠠᠷᠤᠢ 110 ᠤᠳᠠᠰᠤ ᠪᠡᠷ ᠬᠡᠷᠡᠭ ᠮᠡᠳᠡᠬᠦᠯᠬᠦ ᠪᠤᠶᠤ ᠤᠶᠢᠷᠠᠯᠴᠠᠭᠠᠬᠢ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠤ ᠬᠡᠷᠡᠭ ᠮᠡᠳᠡᠬᠦᠯᠦᠬᠡᠷᠡᠢ᠂ ᠮᠦᠨ ᠡᠰᠡᠷᠬᠦ ᠡᠳᠡᠬᠡᠳ ᠤᠨ ᠨᠡᠷ᠎ᠡ᠂ ᠳᠠᠩᠰᠠᠨ ᠤ ᠳ᠋ᠤᠭᠠᠷ ᠢ ᠴᠠᠭᠳᠠᠭ᠎ᠠ ᠳᠤ ᠳᠤᠰᠢᠶᠠᠭᠠᠷᠠᠢ ᠬᠡᠵᠤ ᠳᠤᠳᠤᠭᠠᠳᠤ ᠶᠢ ᠬᠠᠮᠠᠭᠠᠯᠠᠵᠤ ᠶᠠᠮᠤᠨ ᠰᠠᠨᠠᠭᠤᠯᠵᠠᠢ᠃

    ᠬᠤᠷᠠᠯ ᠡᠴᠡ ᠤᠶᠢᠯᠠᠭᠠᠭᠰᠠᠨ ᠢᠶᠡᠷ᠂ ᠦᠩᠬᠡᠷᠡᠭᠰᠡᠨ 1-9 ᠰᠠᠷ᠎ᠠ ᠳᠤ ᠤᠯᠤᠰ ᠲᠠᠶᠠᠭᠠᠷ ᠤᠨ ᠬᠡᠮᠵᠢᠶᠡᠨ ᠳᠤ ᠴᠠᠬᠢᠯᠭᠠᠨ ᠬᠤᠯᠪᠤᠭᠠᠨ ᠤ ᠮᠡᠬᠡᠯᠡᠨ ᠯᠤᠶᠢᠪᠠᠷᠳᠠᠭᠰᠠᠨ ᠨᠡᠶᠢᠳᠡ 7.7 ᠳᠦᠮᠡᠨ ᠬᠡᠷᠡᠭ ᠢ ᠢᠯᠡᠷᠡᠬᠦᠯᠵᠤ᠂ ᠬᠠᠤᠯᠢ ᠪᠤᠰᠤ ᠬᠡᠷᠡᠭ ᠲᠤ ᠬᠤᠯᠪᠤᠭᠳᠠᠭᠰᠠᠨ 4.3 ᠳᠦᠮᠡᠨ ᠬᠦᠮᠦᠨ ᠢ ᠪᠠᠶᠢᠴᠠᠭᠠᠨ᠂ ᠬᠠᠤᠯᠢ ᠪᠤᠰᠤ ᠬᠡᠷᠡᠭ ᠤᠨ 6200 ᠭᠠᠷᠤᠢ ᠬᠠᠮᠰᠠᠭ᠎ᠠ ᠪᠦᠯᠦᠭᠳᠡᠨ ᠳᠤ ᠴᠤᠬᠢᠯᠳᠠ ᠦᠭᠴᠤ᠂ ᠬᠠᠤᠯᠢ ᠪᠤᠰᠤ ᠬᠡᠷᠡᠭ ᠦᠢᠯᠡᠳᠳᠡᠭ 6900 ᠡᠬᠦᠷ ᠢ ᠴᠤᠴᠠᠯᠠᠨ᠂ 23.4 ᠳ᠋ᠦᠩᠰᠢᠭᠤᠷ ᠳᠦᠬᠦᠷᠢᠭ ᠤᠨ ᠡᠳ᠋ ᠪᠤᠳᠠᠰ ᠢ ᠤᠯᠵᠠᠯᠠᠵᠤ᠂ 47.5 ᠳ᠋ᠦᠩᠰᠢᠭᠤᠷ ᠳᠦᠬᠦᠷᠢᠭ ᠤᠨ ᠬᠤᠬᠢᠷᠠᠯ ᠢ ᠡᠬᠡᠬᠦᠯᠵᠡᠢ᠃

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119737505