蒙古文网站Logo
ᠰᠢᠨᠬᠤᠸᠠ ᠮᠤᠩᠭ᠋ᠤᠯ ᠨᠧᠲ

ᠠᠢ ᠯᠢ ᠬᠤᠧᠠ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠳᠤᠮᠢᠯᠠᠭᠳᠠᠪᠠ

2016-10-18 13:25

    10 ᠰᠠᠷ᠎ᠠ ᠶᠢᠨ 18 ᠤ ᠡᠳᠦᠷ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠬᠤᠳᠠ ᠶᠢᠨ ᠺᠠᠳ᠋ᠠᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠠᠭᠠᠨᠴᠠᠪ ᠬᠤᠳᠠ ᠶᠢᠨ ᠨᠠᠮ ᠵᠠᠰᠠᠭ ᠤᠨ ᠭᠤᠤᠯ ᠴᠢᠬᠤᠯᠠ ᠤᠳᠤᠷᠢᠳᠬᠤ ᠬᠦᠮᠦᠰ ᠲᠤ ᠳᠤᠬᠢᠷᠠᠭᠤᠯᠤᠯᠳᠠ ᠬᠢᠬᠦ ᠳᠤᠬᠠᠢ ᠳᠤᠭᠳᠠᠭᠠᠯ ᠢ ᠵᠠᠷᠯᠠᠭᠰᠠᠨ ᠪᠠᠶᠢᠨ᠎ᠠ᠃ ᠡᠬᠦᠨ ᠳᠤ ᠠᠢ ᠯᠢ ᠬᠤᠧᠠ ᠨᠦᠬᠦᠷ ᠢ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠳᠤᠮᠢᠯᠠᠵᠤ᠂ ᠤᠯᠠᠭᠠᠨᠴᠠᠪ ᠬᠤᠳᠠ ᠶᠢᠨ ᠳᠠᠷᠤᠭ᠎ᠠ ᠶᠢᠨ ᠳᠤᠰᠢᠶᠠᠯ ᠡᠴᠡ ᠨᠢ ᠪᠠᠭᠤᠯᠭᠠᠵᠤ᠂ ᠹᠧᠢ ᠳ᠋ᠦᠩ ᠪᠢᠨ ᠨᠦᠬᠦᠷ ᠢ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠳᠡᠳ᠋ ᠱᠦᠵᠢ᠂ ᠤᠯᠠᠭᠠᠨᠴᠠᠪ ᠬᠤᠳᠠ ᠶᠢᠨ ᠳᠠᠷᠤᠭ᠎ᠠ ᠶᠢᠨ ᠨᠡᠷ᠎ᠡ ᠳᠡᠪᠰᠢᠭᠴᠢ ᠪᠡᠷ ᠳᠤᠮᠢᠯᠠᠪᠠ᠃

    ᠠᠢ ᠯᠢ ᠬᠤᠧᠠ ᠡᠮᠡᠭᠳᠡᠢ᠂ ᠮᠤᠩᠭᠤᠯ ᠦᠨᠳᠦᠰᠦᠳᠡᠨ᠂ 1964 ᠤᠨ ᠤ 10 ᠰᠠᠷ᠎ᠠ ᠳᠤ ᠦᠪᠦᠷ ᠮᠤᠩᠭᠤᠯ ᠤᠨ ᠤᠩᠨᠢᠭᠤᠳ ᠬᠤᠰᠢᠭᠤᠨ ᠳᠤ ᠳᠦᠷᠦᠪᠡ᠃ 1986 ᠤᠨ ᠤ 6 ᠰᠠᠷ᠎ᠠ ᠳᠤ ᠡᠪ ᠬᠠᠮᠳᠤ ᠨᠠᠮ ᠳᠤ ᠡᠯᠰᠡᠬᠦᠯᠵᠤ᠂ 1987 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ 2015 ᠤᠨ ᠤ 1 ᠰᠠᠷ᠎ᠠ ᠳᠤ ᠦᠬᠠᠢ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠢᠨ ᠳᠤᠰᠢᠶᠠᠯ ᠳᠤ ᠭᠠᠷᠴᠤ᠂ 2016 ᠤᠨ ᠤ 4 ᠰᠠᠷ᠎ᠠ ᠶᠢᠨ 29 ᠳᠤ ᠤᠯᠠᠭᠠᠨᠴᠠᠪ ᠬᠤᠳᠠ ᠶᠢᠨ ᠳᠡᠳ᠋ ᠬᠤᠳᠠ ᠶᠢᠨ ᠳᠠᠷᠤᠭ᠎ᠠ᠂ ᠤᠷᠤᠯᠠᠭᠴᠢ ᠬᠤᠳᠠ ᠶᠢᠨ ᠳᠠᠷᠤᠭ᠎ᠠ᠂ ᠬᠤᠳᠠ ᠶᠢᠨ ᠳᠠᠷᠤᠭ᠎ᠠ ᠪᠡᠷ ᠰᠤᠩᠭᠤᠭᠳᠠᠨ ᠠᠵᠢᠯᠯᠠᠵᠤ ᠪᠠᠶᠢᠪᠠ᠃

ᠢᠷᠡᠯᠳᠡ᠄ ᠤᠯᠠᠭᠠᠨᠴᠠᠪ ᠬᠤᠳᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119739730