蒙古文网站Logo
ᠰᠢᠨᠬᠤᠸᠠ ᠮᠤᠩᠭ᠋ᠤᠯ ᠨᠧᠲ

ᠹᠧᠩ ᡁᠢ ᠮᠢᠩ ᠳᠤ 18 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠯ᠎ᠠ

2016-10-18 13:44

    2016 ᠤᠨ ᠤ 10 ᠰᠠᠷ᠎ᠠ ᠶᠢᠨ 18 ᠤ᠋ ᠡᠳᠦᠷ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠬᠦᠯᠦᠨ ᠪᠤᠶᠢᠷ ᠬᠤᠲᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠭᠦ ᠬᠤᠷᠢᠶ᠎ᠠ ᠤᠤᠯ ᠤᠨ ᠬᠦᠬᠡᠬᠤᠲᠠ ᠶᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠤᠪᠴᠢᠶᠠᠨ ᠳᠠᠷᠤᠭ᠎ᠠ ᠹᠧᠩ ᡁᠢ ᠮᠢᠩ ᠤᠨ ᠬᠡᠭᠡᠯᠢ ᠬᠠᠬᠤᠤᠯᠢ ᠢᠳᠡᠵᠦ ᠱᠠᠮᠰᠢᠬᠰᠠᠨ ᠬᠡᠷᠡᠭ᠂ ᠬᠠᠤᠯᠢ ᠪᠤᠰᠤ ᠪᠡᠷ ᠫᠤᠤ ᠰᠤᠮᠤ ᠡᠵᠡᠮᠰᠢᠭ᠍ᠰᠡᠨ ᠬᠡᠷᠡᠭ᠂ ᠦᠯᠡᠮᠵᠢ ᠲᠤᠭᠠᠨ ᠤ ᠡᠳ᠋ ᠬᠦᠷᠦᠩᠭᠡ ᠶᠢᠨ ᠢᠷᠡᠯᠲᠡ ᠲᠤᠳᠤᠷᠬᠠᠢ ᠦᠭᠡᠢ ᠬᠡᠷᠡᠭ ᠢ ᠢᠯᠡ ᠪᠡᠷ ᠰᠢᠭᠦᠨ ᠲᠠᠰᠤᠯᠪᠠ᠃

    ᠰᠢᠬᠦᠨ ᠳᠠᠰᠤᠯᠠᠯᠳᠠ ᠪᠡᠷ᠂ ᠬᠡᠭᠡᠯᠢ ᠬᠠᠬᠤᠤᠯᠢ ᠢᠳᠡᠭᠰᠡᠨ ᠬᠡᠷᠡᠭ ᠢᠶᠡᠷ 100 ᠲᠦᠮᠡᠨ ᠲᠦᠭᠦᠷᠢᠭ᠌ ᠢᠶᠡᠷ ᠲᠤᠷᠭᠠᠬᠤ ᠪᠠ 10 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠵᠦ᠂ ᠦᠯᠡᠮᠵᠢ ᠲᠤᠭᠠᠨ ᠤ ᠡᠳ᠋ ᠬᠦᠷᠦᠩᠭᠡ ᠶᠢᠨ ᠢᠷᠡᠯᠲᠡ ᠲᠤᠳᠤᠷᠬᠠᠢ ᠦᠭᠡᠢ ᠬᠡᠷᠡᠭ ᠢᠶᠡᠷ 7 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠨ᠂ ᠬᠠᠤᠯᠢ ᠪᠤᠰᠤ ᠪᠡᠷ ᠫᠤᠤ ᠰᠤᠮᠤ ᠡᠵᠡᠮᠰᠢᠭ᠍ᠰᠡᠨ ᠬᠡᠷᠡᠭ ᠢᠶᠡᠷ 3 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠵᠦ᠂ ᠱᠠᠮᠰᠢᠬᠰᠠᠨ ᠬᠡᠷᠡᠭ ᠢᠶᠡᠷ 10 ᠲᠦᠮᠡᠨ ᠲᠦᠭᠦᠷᠢᠭ᠌ ᠢᠶᠡᠷ ᠲᠤᠷᠭᠠᠬᠤ ᠪᠠ 2 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠵᠦ᠂ ᠪᠦᠬᠦᠨ ᠢ ᠬᠠᠮᠤᠷᠤᠭᠤᠯᠤᠭᠰᠠᠨ ᠤ ᠡᠴᠦᠰ ᠲᠤ 110 ᠲᠦᠮᠡᠨ ᠲᠦᠭᠦᠷᠢᠭ᠌ ᠢᠶᠡᠷ ᠳᠤᠷᠭᠠᠬᠤ ᠪᠠ 18 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠤᠠᠬᠤ ᠪᠡᠷ ᠳᠤᠭᠳᠠᠵᠠᠢ᠃

    ᠪᠠᠶᠢᠴᠠᠭᠠᠯᠲᠠ ᠪᠡᠷ ᠲᠤᠳᠤᠷᠠᠭᠤᠯᠤᠬᠰᠠᠨ ᠨᠢ᠄ 2008-2014 ᠤᠨ ᠤ ᠬᠤᠭᠤᠷᠤᠨᠳᠤ᠂ ᠵᠠᠭᠠᠯᠳᠤᠬᠳᠠᠬᠴᠢ ᠹᠧᠩ ᡁᠢ ᠮᠢᠩ ᠬᠦᠬᠡᠬᠤᠲᠠ ᠶᠢᠨ ᠳᠤᠲᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠠᠶᠢᠬᠠᠨ ᠲᠤᠭᠤᠷᠢᠬ ᠤᠨ ᠰᠠᠯᠪᠤᠷᠢ ᠲᠤᠪᠴᠢᠶ᠎ᠠ ᠶᠢᠨ ᠳᠠᠷᠤᠭ᠎ᠠ᠂ ᠬᠦᠬᠡᠬᠤᠲᠠ ᠶᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠶᠢᠨ ᠲᠤᠰᠢᠶᠠᠯ ᠳᠤ ᠪᠠᠶᠢᠬᠰᠠᠨ ᠬᠤᠭᠤᠴᠠᠭᠠᠨ ᠳᠠᠭᠠᠨ ᠲᠤᠰᠢᠶᠠᠯ  ᠢᠶᠡᠨ ᠤᠷᠪᠠᠭᠤ ᠠᠰᠢᠬᠯᠠᠨ 13 ᠪᠠᠶᠢᠭᠤᠯᠭ᠎ᠠ ᠪᠤᠶᠤ ᠬᠤᠪᠢ ᠬᠦᠮᠦᠨ ᠳᠤ ᠠᠰᠢᠬ ᠬᠦᠷᠲᠡᠭᠡᠵᠦ᠂ ᠪᠤᠰᠤᠳ ᠤᠨ ᠬᠦᠷᠭᠡᠭ᠍ᠰᠡᠨ ᠡᠳ᠋ ᠪᠤᠳᠠᠰ ᠢ ᠠᠪᠴᠠᠢ᠃ ᠡᠬᠡᠨᠠᠷ ᠵᠢᠨ ᠶᠠᠨ ᠲᠠᠢ ᠪᠠᠨ ᠬᠠᠮᠲᠤᠷᠠᠵᠦ᠂ ᠵᠠᠬ᠎ᠠ ᠵᠡᠭᠡᠯᠢ ᠶᠢᠨ ᠦᠨ᠎ᠡ ᠡᠴᠡ ᠳᠤᠤᠭᠤᠷ ᠦᠨ᠎ᠡ ᠪᠡᠷ ᠭᠡᠷ ᠪᠠᠶᠢᠰᠢᠩ  ᠬᠤᠳᠠᠯᠳᠤᠨ ᠠᠪᠤᠬᠰᠠᠨ ᠪᠤᠶᠤ ᠵᠠᠬ᠎ᠠ ᠵᠡᠭᠡᠯᠢ ᠶᠢᠨ ᠦᠨ᠎ᠡ ᠡᠴᠡ ᠳᠡᠭᠡᠭᠦᠷ ᠦᠨ᠎ᠡ ᠪᠡᠷ ᠭᠡᠷ ᠪᠠᠶᠢᠰᠢᠩ ᠬᠤᠳᠠᠯᠳᠤᠵᠦ᠂ ᠠᠷᠠᠳ ᠤᠨ ᠵᠤᠭᠤᠰ ᠢᠶᠡᠷ ᠲᠤᠭᠠᠴᠠᠪᠠᠯ ᠨᠡᠶᠢᠲᠡ 3891091 ᠲᠦᠭᠦᠷᠢᠭ᠌ ᠤᠨ ᠭᠡᠭᠡᠯᠢ ᠬᠠᠬᠤᠤᠯᠢ ᠢᠳᠡᠵᠡᠢ᠃ ᠵᠠᠭᠠᠯᠳᠤᠬᠳᠠᠬᠴᠢ ᠹᠧᠩ ᡁᠢ ᠮᠢᠩ 34428288.28 ᠲᠦᠭᠦᠷᠢᠭ᠌ ᠤᠨ ᠡᠳ᠋ ᠬᠦᠷᠦᠩᠭᠡ ᠶᠢᠨ ᠢᠷᠡᠯᠲᠡ ᠪᠡᠨ ᠲᠤᠳᠤᠷᠬᠠᠶᠢᠯᠠᠵᠦ ᠴᠢᠳᠠᠬᠰᠠᠨ ᠦᠭᠡᠢ᠃ ᠪᠠᠰᠠ ᠬᠠᠤᠯᠢ ᠪᠤᠰᠤ ᠪᠡᠷ 4 ᠫᠤᠤ᠂ 549 ᠰᠤᠮᠤ ᠵᠢ ᠡᠵᠡᠮᠳᠡᠭᠰᠡᠨ ᠪᠦᠭᠡᠳ ᠤᠯᠤᠰ ᠤᠨ ᠡᠳ᠋ ᠬᠦᠷᠦᠩᠭᠡ ᠵᠢ ᠳᠤᠷ᠎ᠠ ᠪᠡᠷ ᠢᠶᠡᠨ ᠬᠤᠪᠢᠶᠠᠷᠢᠯᠠᠵᠦ᠂ 15 ᠲᠦᠮᠡᠨ ᠲᠦᠭᠦᠷᠢᠭ᠌ ᠤᠨ ᠮᠠᠰᠢᠨ ᠬᠤᠳᠠᠯᠳᠤᠬᠰᠠᠨ ᠵᠤᠭᠤᠰᠤᠨ ᠪᠠᠷᠢᠮᠳᠠ ᠵᠢ ᠦᠪᠡᠷ ᠲᠦ ᠪᠠᠨ ᠦᠮᠴᠢᠯᠡᠭᠰᠡᠨ ᠪᠠᠶᠢᠨ᠎ᠠ᠃

ᠢᠷᠡᠯᠳᠡ᠄ ᠬᠦᠯᠦᠨ ᠪᠤᠶᠢᠷ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠬᠦᠬᠦ ᠬᠤᠷᠢᠶᠠᠨ ᠤ ᠠᠯᠪᠠᠨ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119739797