蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠮᠠᠨ ᠤ ᠤᠯᠤᠰ ᠤᠨ ᠤᠮᠠᠷᠠᠳᠦ ᠵᠢᠨ ᠴᠢᠬᠤᠯᠠ ᠠᠮᠢ ᠠᠬᠤᠢ ᠵᠢᠨ ᠠᠶᠤᠯᠬᠦᠢ ᠶᠢᠨ ᠬᠠᠯᠬᠠᠪᠴᠢ ᠵᠢ ᠪᠡᠬᠢᠵᠢᠬᠦᠯᠵᠦ ᠦᠷᠨᠢᠩᠬᠦᠢ ᠬᠦᠭᠵᠢᠯᠳᠠ ᠬᠢᠬᠡᠳ ᠦᠵᠡᠰᠬᠦᠯᠡᠩᠳᠦ ᠰᠠᠢᠢᠬᠠᠨ ᠤ ᠬᠤᠤᠰ ᠠᠮᠵᠢᠯᠳᠠ ᠵᠢ ᠪᠡᠶᠡᠯᠡᠬᠦᠯᠬᠦ ᠭᠡᠷᠡᠭᠲᠡᠢ

2016-10-20 11:20

    10 ᠰᠠᠷ᠎ᠠ ᠶᠢᠨ 19 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠴᠡ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠶᠠᠮᠤᠨ ᠯᠤᠭ᠎ᠠ ᠪᠡᠭᠡᠵᠢᠩ ᠳ᠋ᠦ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠷᠠᠯ ᠡᠴᠡ᠂ ᠶᠡᠷᠦᠩᠭᠡᠢ ᠱᠦᠵᠢ ᠰᠢ ᠵᠢᠨ ᠫᠢᠩ ᠤᠨ ᠥᠪᠦᠷ ᠮᠤᠩᠭᠤᠯ ᠳ᠋ᠦ ᠰᠢᠨᠵᠢᠯᠡᠨ ᠪᠠᠢᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠢᠢᠳᠠᠪᠤᠷᠢᠵᠢᠭᠤᠯᠵᠦ᠂ ᠬᠦᠭᠵᠢᠯᠳᠠ ᠪᠤᠯᠤᠨ ᠬᠠᠮᠠᠭᠠᠯᠠᠯᠳᠠ ᠵᠢᠨ ᠬᠠᠷᠢᠴᠠᠭ᠎ᠠ ᠶᠢ ᠵᠦᠪ ᠵᠢᠡᠷ ᠰᠢᠢᠳᠪᠤᠷᠢᠯᠡᠵᠦ᠂ ᠰᠠᠬᠢᠨ ᠪᠠᠷᠠᠯᠠᠵᠦ ᠬᠠᠷᠢᠯᠴᠠᠨ ᠳᠤᠰᠠᠯᠠᠯᠴᠠᠵᠤ᠂ ᠮᠠᠨ ᠤ ᠤᠯᠤᠰ ᠤᠨ ᠤᠮᠠᠷᠠᠳᠦ ᠵᠢᠨ ᠴᠢᠬᠤᠯᠠ ᠠᠮᠢ ᠠᠬᠤᠢ ᠵᠢᠨ ᠠᠶᠤᠯᠬᠦᠢ ᠶᠢᠨ ᠬᠠᠯᠬᠠᠪᠴᠢ ᠵᠢ ᠬᠠᠮᠳᠤᠪᠡᠷ ᠪᠡᠬᠢᠵᠢᠬᠦᠯᠵᠦ᠂ ᠦᠷᠨᠢᠩᠬᠦᠢ ᠬᠦᠭᠵᠢᠯᠳᠠ ᠬᠢᠬᠡᠳ ᠦᠵᠡᠰᠬᠦᠯᠡᠩᠳᠦ ᠰᠠᠢᠢᠬᠠᠨ ᠤ ᠬᠤᠤᠰ ᠠᠮᠵᠢᠯᠳᠠ ᠵᠢ ᠪᠡᠶᠡᠯᠡᠬᠦᠯᠬᠦ ᠭᠡᠷᠡᠭᠲᠡᠢ ᠭᠡᠪᠡ᠃

    ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠶᠠᠮᠤᠨ ᠤ ᠰᠠᠢᠢᠳ ᠴᠧᠨ ᠵᠢᠢ ᠨᠢᠩ ᠠᠵᠢᠯ ᠤᠨ ᠶᠠᠷᠢᠯᠴᠠᠬᠤ ᠬᠤᠷᠠᠯ ᠢ ᠡᠷᠬᠢᠯᠡᠬᠦ ᠵᠢᠨ ᠬᠠᠮᠳᠦ ᠶᠠᠷᠢᠶ᠎ᠠ ᠲᠠᠯᠪᠢᠵᠠᠢ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠶᠠᠷᠢᠯᠴᠠᠬᠤ ᠬᠤᠷᠠᠯ ᠳ᠋ᠦ ᠤᠷᠤᠯᠴᠠᠨ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠮᠠᠨ ᠤ ᠤᠷᠤᠨ ᠤ ᠪᠠᠢᠢᠳᠠᠯ ᠪᠠ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠶᠠᠮᠤᠨ ᠤ ᠳᠡᠮᠵᠢᠯᠭᠡ ᠪᠡᠷ ᠳᠠᠮᠵᠢᠨ ᠰᠢᠢᠳᠪᠤᠷᠢᠯᠡᠬᠦ ᠴᠢᠬᠤᠯᠠᠳᠠᠢ ᠪᠤᠳᠠᠳᠤ ᠵᠦᠢᠯᠡᠰ ᠢ ᠮᠡᠳᠡᠬᠦᠯᠵᠠᠢ᠃

    ᠶᠠᠷᠢᠯᠴᠠᠬᠤ ᠬᠤᠷᠠᠯ ᠳᠡᠬᠡᠷ᠎᠎ᠠ ᠴᠸᠠ ᠵᠢᠢ ᠨᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠡᠴᠡ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠠᠵᠢᠯ ᠢ ᠮᠠᠰᠢ ᠴᠢᠬᠤᠯᠠᠴᠢᠯᠠᠬᠰᠠᠭᠠᠷ ᠢᠷᠡᠵᠡᠢ᠃ ᠢᠯᠠᠩᠭᠤᠶ᠎ᠠ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠶᠠᠮᠤᠨ ᠡᠴᠡ ᠬᠢᠭᠰᠡᠨ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠳᠠᠯ᠎ᠠ ᠪᠠᠷ ᠬᠢ ᠬᠢᠨᠠᠨ ᠰᠢᠯᠭᠠᠯᠳᠠ ᠶᠢᠨ ᠠᠵᠢᠯ ᠢ ᠳᠡᠬᠡᠳᠦ ᠬᠡᠮᠵᠢᠶ᠎ᠠ ᠪᠡᠷ ᠠᠩᠬᠠᠷᠤᠨ ᠬᠠᠯᠠᠮᠵᠢᠯᠠᠵᠦ᠂ ᠶᠡᠬᠡ ᠳᠡᠮᠵᠢᠯᠬᠡ ᠦᠵᠡᠬᠦᠯᠦᠭᠰᠡᠨ ᠪᠠᠢᠢᠨ᠎ᠠ᠃ ᠤᠢᠢᠷ᠎ᠠ ᠶᠢᠨ ᠵᠢᠯ ᠤᠳ ᠲᠦ ᠦᠪᠦᠷ ᠮᠤᠩᠭᠤᠯ ᠤᠨ ᠡᠳ᠋ ᠤᠨ ᠵᠠᠰᠠᠭ ᠳᠦᠷᠬᠡᠨ ᠬᠦᠭᠵᠢᠭᠰᠡᠨ ᠪᠠᠢᠢᠳᠠᠯ ᠳᠤᠤᠷ᠎ᠠ᠂ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠠᠵᠢᠯ ᠤᠨ ᠳᠠᠯ᠎ᠠ ᠪᠡᠷ ᠴᠤ ᠪᠠᠶᠠᠷᠯᠠᠭᠤᠰᠢᠳᠡᠢ ᠠᠮᠵᠢᠯᠳᠡ ᠤᠯᠪᠠ᠃ ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠬᠠᠯᠬᠠᠪᠴᠢ ᠶᠤᠮ᠂ ᠳᠡᠢᠢᠮᠦ ᠡᠴᠡ ᠡᠳ᠋ ᠤᠨ ᠵᠠᠰᠠᠭ ᠢ ᠬᠦᠭᠵᠢᠬᠦᠯᠬᠦ ᠪᠡ ᠪᠠᠶᠢᠭᠠᠯᠢ ᠤᠷᠴᠢᠨ ᠢ ᠬᠠᠮᠠᠭᠠᠯᠠᠬᠤ ᠳᠠᠯ᠎ᠠ ᠪᠡᠷ ᠬᠢ ᠡᠬᠦᠷᠬᠡ ᠮᠠᠰᠢ ᠬᠦᠨᠳᠦ ᠪᠤᠢ᠃ ᠦᠪᠦᠷ ᠮᠤᠩᠭᠤᠯ ᠠᠮᠢ ᠠᠬᠤᠢ ᠵᠢᠨ ᠤᠷᠴᠢᠨ ᠤ ᠪᠦᠳᠦᠬᠡᠨ ᠪᠠᠢᠢᠭᠤᠯᠤᠯᠳᠠ ᠵᠢᠨ ᠡᠷᠴᠢᠮ ᠵᠢᠡᠨ ᠦᠷᠬᠦᠯᠵᠢᠯᠡᠨ ᠴᠢᠩᠭᠠᠷᠠᠭᠤᠯᠵᠦ᠂ ᠪᠠᠶᠢᠭᠠᠯᠢ ᠤᠷᠴᠢᠨ ᠢ ᠵᠠᠰᠠᠬᠤ ᠳᠦᠰᠦᠯ ᠢ ᠳᠦᠷᠬᠡᠳᠬᠡᠨ ᠠᠬᠢᠭᠤᠯᠵᠦ᠂ ᠪᠡᠬᠡᠵᠢᠩ ᠳᠢᠶᠠᠨᠵᠢᠨ ᠡᡁᠧᠪᠸᠢ ᠵᠢᠨ ᠠᠭᠠᠷ ᠮᠠᠨᠳᠠᠯ ᠤᠨ ᠪᠤᠬᠢᠷᠳᠤᠯ ᠢ ᠬᠠᠮᠳᠤᠪᠠᠷ ᠰᠡᠷᠬᠡᠢᠢᠯᠡᠨ ᠬᠠᠮᠳᠤᠪᠠᠷ ᠵᠠᠰᠠᠬᠤ ᠠᠵᠢᠯ ᠢ ᠦᠷᠬᠦᠯᠵᠢᠯᠡᠨ ᠰᠠᠢᠢᠳᠤᠷ ᠬᠢᠵᠦ᠂ ᠪᠠᠶᠢᠭᠠᠯᠢ ᠤᠷᠴᠢᠨ ᠢ ᠬᠢᠨᠠᠨ ᠵᠠᠰᠠᠬᠤ ᠠᠵᠢᠯ ᠢ ᠦᠨᠡᠨᠬᠦ ᠰᠠᠢᠢᠳᠤᠷ ᠠᠳᠬᠤᠬᠤ ᠵᠢ ᠬᠦᠰᠡᠵᠤ ᠪᠤᠢ᠃ ᠪᠠᠶᠢᠭᠠᠯᠢ ᠤᠷᠴᠢᠨ ᠤ ᠬᠠᠮᠠᠭᠠᠯᠠᠯᠳᠠ ᠵᠢᠨ ᠠᠵᠢᠯ ᠤᠨ ᠳᠠᠯ᠎ᠠ ᠪᠡᠷ ᠪᠤᠬᠢᠷᠳᠤᠯ ᠦᠬᠡᠢ ᠪᠡᠷ ᠬᠦᠭᠵᠢᠬᠦᠯᠬᠦ᠂ ᠡᠳ᠋ ᠤᠨ ᠵᠠᠰᠠᠭ ᠤᠨ ᠵᠠᠭᠪᠤᠷ ᠢ ᠦᠬᠡᠷᠡᠴᠢᠯᠡᠬᠦ᠂ ᠬᠤᠳᠠ ᠪᠠᠯᠭᠠᠰᠤᠵᠢᠭᠤᠯᠬᠤ ᠵᠢᠴᠢ ᠵᠤᠭᠠᠴᠠᠯ ᠤᠨ ᠦᠢᠯᠡᠰ ᠢ ᠬᠦᠭᠵᠢᠬᠦᠯᠬᠦ ᠪᠡᠷ ᠴᠢᠬᠤᠯᠠ ᠭᠠᠷᠳᠠᠴᠠ ᠪᠤᠯᠭᠠᠨ ᠨᠢᠬᠡᠳᠦᠯᠳᠡᠢ ᠳᠦᠯᠦᠪᠵᠢᠬᠦᠯᠦᠨ ᠠᠳᠬᠤᠵᠦ᠂ ᠤᠯᠠᠨ ᠳᠤᠷᠰᠢᠯᠭ᠎ᠠ ᠭᠠᠷᠭᠠᠬᠤ᠂ ᠤᠯᠠᠨ ᠪᠦᠲᠦᠮᠵᠢ ᠭᠠᠷᠭᠠᠬᠤ ᠪᠡᠷ ᠬᠦᠴᠦᠯᠡᠬᠦ ᠬᠡᠷᠡᠭᠳᠡᠢ᠃ ᠪᠠᠶᠢᠭᠠᠯᠢ ᠤᠷᠴᠢᠨ ᠤ ᠬᠠᠮᠠᠭᠠᠯᠠᠯᠲᠠ ᠵᠢᠨ ᠶᠠᠮᠤᠨ ᠡᠴᠡ ᠦᠪᠦᠷ ᠮᠤᠩᠭᠤᠯ ᠤᠨ ᠪᠠᠶᠢᠭᠠᠯᠢ ᠤᠷᠴᠢᠨ ᠤ ᠬᠠᠮᠠᠭᠠᠯᠠᠯᠳᠠ ᠳ᠋ᠦ ᠦᠵᠡᠬᠦᠯᠬᠦ ᠳᠡᠮᠵᠢᠯᠬᠡ ᠪᠡᠨ ᠦᠷᠬᠦᠯᠵᠢᠯᠡᠨ ᠴᠢᠩᠭᠠᠳᠬᠠᠵᠦ᠂ ᠶᠡᠷᠦᠩᠬᠡᠢ ᠱᠦᠵᠢ ᠰᠢ ᠵᠢᠨ ᠫᠢᠩ ᠤᠨ ᠦᠪᠦᠷ ᠮᠤᠩᠭᠤᠯ ᠳ᠋ᠤ ᠰᠢᠨᠵᠢᠯᠡᠨ ᠪᠠᠢᠢᠴᠠᠭᠠᠬᠤ ᠦᠶ᠎ᠠ ᠵᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠠᠮᠳᠤᠪᠠᠷ ᠨᠠᠢᠢᠳᠠᠪᠤᠷᠢᠵᠢᠭᠤᠯᠵᠦ᠂ ᠪᠤᠬᠢᠷᠳᠤᠯ ᠦᠬᠡᠢ ᠬᠦᠭᠵᠢᠯᠳᠡ ᠳ᠋ᠤ ᠦᠵᠡᠬᠦᠯᠬᠦ ᠶᠤᠰᠤᠳᠠᠢ ᠬᠤᠪᠢ ᠨᠠᠮᠠᠷᠢ ᠪᠡᠨ ᠦᠵᠡᠬᠦᠯᠬᠦ ᠬᠡᠷᠡᠭᠳᠡᠢ ᠬᠡᠪᠡ᠃

    ᠯᠢ ᠵᠢᠢ ᠡᠾᠧᠩ ᠡᠩ ᠲᠠᠷᠢᠬᠦᠨ ᠳ᠋ᠤ ᠪᠠᠶᠢᠭᠠᠯᠢ ᠤᠷᠴᠢᠨ ᠤ ᠬᠠᠮᠠᠭᠠᠯᠠᠯᠳᠡ ᠵᠢᠨ ᠶᠠᠮᠤᠨ ᠤ ᠤᠷᠳᠤ ᠬᠤᠭᠤᠴᠠᠭᠠᠨ ᠤ ᠲᠤᠷᠰᠢ ᠦᠪᠤᠷ ᠮᠤᠩᠭᠤᠯ ᠤᠨ ᠭᠦᠭᠵᠢᠯᠳᠡ ᠳ᠋ᠤ ᠦᠭᠭᠦᠭᠰᠡᠨ ᠬᠠᠯᠠᠮᠵᠢᠯᠡᠯ ᠪᠡ ᠲᠡᠮᠵᠢᠯᠭᠡ ᠳ᠋ᠤ ᠲᠠᠯᠠᠷᠬᠠᠵᠦ ᠪᠠᠢᠢᠬᠤ ᠪᠡᠨ ᠢᠯᠡᠳᠭᠡᠪᠡ᠃ ᠲᠡᠷᠡ᠂ 2014 ᠤᠨ ᠤ 1 ᠰᠠᠷ᠎ᠠ ᠳ᠋ᠤ᠂ ᠶᠡᠷᠦᠩᠬᠡᠢ ᠱᠦᠵᠢ ᠰᠢ ᠵᠢᠨ ᠫᠢᠩ ᠦᠪᠤᠷ ᠮᠤᠩᠭᠤᠯ ᠳᠦ ᠰᠢᠨᠵᠢᠯᠡᠨ ᠪᠠᠢᠢᠴᠠᠭᠠᠬᠤ ᠳ᠋ᠠᠭᠠᠨ《ᠦᠪᠤᠷ ᠮᠤᠩᠭᠤᠯ ᠤᠨ ᠠᠮᠢ ᠠᠬᠤᠢ ᠵᠢᠨ ᠪᠠᠢᠢᠳᠡᠯ ᠶᠠᠮᠠᠷᠰᠢᠤ ᠪᠠᠢᠢᠬᠤ ᠨᠢ ᠦᠪᠤᠷ ᠮᠤᠩᠭᠤᠯ ᠤᠨ ᠦᠨᠳᠤᠰᠤᠳᠡᠨ ᠨᠤᠭᠦᠳ ᠤᠨ ᠠᠷᠠᠳ ᠤᠯᠠᠨ ᠤ ᠤᠷᠤᠰᠢᠨ ᠠᠮᠢᠳᠤᠷᠠᠬᠤ ᠪᠡ ᠭᠦᠭᠵᠢᠯᠳᠡ ᠲᠠᠢ ᠬᠤᠯᠪᠤᠭᠳᠠᠬᠤ ᠪᠡᠷ ᠪᠠᠷᠠᠬᠤ ᠦᠭᠡᠢ ᠪᠡᠰᠡ ᠤᠮᠠᠷᠠᠳᠤ ᠤᠷᠤᠨ᠂ ᠵᠡᠭᠦᠨ ᠬᠤᠢᠢᠳᠤ ᠤᠷᠤᠨ᠂ ᠪᠠᠷᠠᠭᠤᠨ ᠬᠤᠢᠢᠳᠤ ᠤᠷᠤᠨ᠂ ᠴᠢᠨᠠᠭᠰᠢᠯᠠᠪᠠᠯ ᠤᠯᠤᠰ ᠲᠠᠶᠠᠭᠠᠷ ᠤᠨ ᠠᠮᠢ ᠠᠬᠤᠢ ᠵᠢᠨ ᠠᠶᠤᠯᠬᠦᠢ ᠲᠠᠢ ᠬᠤᠯᠪᠤᠭᠳᠠᠨ᠎ᠠ᠂ ᠦᠪᠤᠷ ᠮᠤᠩᠭᠤᠯ ᠢ ᠮᠠᠨ ᠤ ᠤᠯᠤᠰ ᠤᠨ ᠤᠮᠠᠷᠠᠳᠤ ᠵᠢᠨ ᠴᠢᠬᠤᠯᠡ ᠠᠮᠢ ᠠᠬᠤᠢ ᠵᠢᠨ ᠠᠶᠤᠯᠬᠦᠢ ᠶᠢᠨ ᠬᠠᠯᠬᠠᠪᠴᠢ ᠪᠤᠯᠭᠠᠨ ᠪᠦᠳᠤᠭᠡᠨ ᠪᠠᠢᠢᠭᠤᠯᠬᠤ ᠭᠡᠷᠡᠭᠲᠠᠢ》ᠭᠡᠵᠤ ᠵᠢᠭᠠᠵᠤ ᠭᠠᠷᠭᠠᠪᠡ᠃ ᠦᠪᠤᠷ ᠮᠤᠩᠭᠤᠯ ᠪᠤᠯ ᠡᠬᠢ ᠪᠠᠶᠠᠯᠢᠭ ᠵᠢᠡᠷ ᠡᠯᠪᠡᠭ᠌ ᠤᠷᠤᠨ ᠪᠦᠭᠡᠳ ᠠᠮᠢ ᠠᠬᠤᠢ ᠵᠢᠨ ᠤᠷᠴᠢᠨ ᠭᠡᠪᠡᠷᠡᠭ ᠤᠷᠤᠨ ᠪᠠᠢᠢᠵᠤ᠂ ᠡᠳ᠋ ᠤᠨ ᠵᠠᠰᠠᠭ ᠨᠡᠢᠢᠭᠡᠮ ᠤᠨ ᠬᠦᠭᠵᠢᠯᠳᠠ ᠵᠢᠨ ᠵᠠᠩᠬᠢᠯᠠᠭ᠎ᠠ ᠶᠢᠨ ᠱᠠᠳᠤᠨ ᠳ᠋ᠦ ᠤᠷᠤᠭᠰᠠᠨ ᠮᠦᠷᠳᠡᠭᠡᠨ ᠠᠮᠢ ᠠᠬᠤᠢ ᠵᠢᠨ ᠤᠷᠴᠢᠨ ᠤ ᠬᠠᠮᠠᠭᠠᠯᠠᠯᠳᠡ ᠵᠢᠨ ᠲᠡᠤᠭᠡᠨ ᠴᠢᠬᠤᠯᠡ ᠦᠶ᠎ᠠ ᠳ᠋ᠤ ᠤᠷᠤᠰᠢᠵᠦ᠂ ᠭᠦᠭᠵᠢᠯᠳᠡ ᠪᠡ ᠬᠠᠮᠠᠭᠠᠯᠠᠯᠳᠡ ᠵᠢᠨ ᠬᠠᠷᠢᠴᠠᠭ᠎ᠠ ᠶᠢ ᠰᠠᠢᠢᠳᠤᠷ ᠰᠢᠢᠳᠪᠦᠷᠢᠯᠡᠭᠦ ᠨᠢ ᠦᠪᠡᠷᠳᠡᠭᠡᠨ ᠵᠠᠰᠠᠬᠤ ᠤᠷᠤᠨ ᠤ ᠪᠦᠭᠦ ᠲᠠᠯ᠎ᠠ ᠵᠢᠨ ᠠᠵᠢᠯ ᠪᠡ ᠠᠯᠤᠰ ᠭᠡᠳᠦ ᠵᠢᠨ ᠭᠦᠭᠵᠢᠯᠳᠡ ᠳ᠋ᠤ ᠲᠦᠢᠯ ᠤᠨ ᠴᠢᠬᠤᠯᠡ ᠶᠤᠮ᠃ ᠪᠠᠶᠢᠭᠠᠯᠢ ᠤᠷᠴᠢᠨ ᠤ ᠬᠠᠮᠠᠭᠠᠯᠠᠯᠳᠡ ᠵᠢᠨ ᠶᠠᠮᠤᠨ ᠡᠴᠡ ᠤᠷ᠋ᠴᠢᠨ ᠠᠬᠤᠢ ᠵᠢᠨ ᠦᠨᠡᠯᠡᠯᠳᠡ ᠵᠢ ᠲᠦᠯᠦᠪᠵᠢᠬᠦᠯᠬᠦ᠂ ᠲᠦᠷ᠋ᠢᠮ ᠡᠴᠡ ᠵᠦᠷ᠋ᠢᠴᠡᠭᠰᠡᠨ ᠲᠦᠷ᠋ᠦᠯ ᠵᠦᠢᠯ ᠢ ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠨᠠᠭᠤᠷ ᠴᠦᠬᠦᠷ᠋ᠤᠮ ᠢ ᠵᠠᠰᠠᠬᠤ᠂ 《ᠴᠤᠤᠯ ᠭᠤᠤᠯ ᠤᠨ ᠤᠰᠤ ᠵᠢ ᠯᠢᠶᠤᠤ ᠡᠾᠧ ᠭᠤᠤᠯ ᠳ᠋ᠤ ᠵᠠᠯᠠᠬᠤ》᠂ ᠠᠮᠢ ᠠᠬᠤᠢ ᠵᠢᠨ ᠤᠷ᠋ᠴᠢᠨ ᠢ ᠬᠠᠮᠠᠭᠠᠯᠠᠬᠤ ᠵᠡᠷ᠋ᠭᠡ ᠲᠠᠯ᠎ᠠ ᠪᠡᠷ ᠨᠡᠩ ᠤᠯᠠᠨ ᠲᠡᠮᠵᠢᠯᠭᠡ ᠪᠡ ᠳᠤᠰᠠᠯᠠᠯᠴᠠᠭ᠎ᠠ ᠦᠵᠡᠬᠦᠯᠵᠤ᠂ ᠶᠡᠷ᠋ᠦᠩᠬᠡᠢ ᠱᠦᠵᠢ ᠰᠢ ᠵᠢᠨ ᠫᠢᠩ ᠤᠨ ᠴᠢᠬᠤᠯᠡ ᠵᠢᠭᠠᠪᠦᠷ᠋ᠢ ᠵᠢᠨ ᠵᠤᠷ᠋ᠢᠭ ᠰᠠᠨᠠᠭ᠎ᠠ ᠶᠢ ᠦᠪᠤᠷ ᠮᠤᠩᠭᠤᠯ ᠳ᠋ᠤ ᠦᠨᠳᠦᠰᠦᠯᠡᠨ ᠰᠤᠶᠤᠭᠠᠯᠠᠵᠤ ᠴᠡᠴᠡᠭᠯᠡᠨ ᠵᠢᠮᠢᠰᠯᠡᠬᠦ ᠵᠢ ᠬᠠᠮᠳᠤᠪᠡᠷ ᠠᠬᠢᠭᠤᠯᠬᠤ ᠵᠢ ᠭᠦᠰᠡᠵᠤ ᠪᠠᠢᠢᠨ᠎ᠠ ᠬᠡᠪᠡ᠃

    ᠪᠠᠶᠢᠭᠠᠯᠢ ᠤᠷᠴᠢᠨ ᠤ ᠬᠠᠮᠠᠭᠠᠯᠠᠯᠳᠡ ᠵᠢᠨ ᠶᠠᠮᠤᠨ ᠤ ᠨᠠᠮ ᠤᠨ ᠤᠳᠤᠷ᠋ᠢᠳᠬᠤ ᠲᠤᠭᠤᠢᠢᠯᠠᠩ ᠤᠨ ᠪᠦᠷ᠋ᠢᠯᠳᠦᠭᠦᠨ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷ᠋ᠢᠶ᠎ᠠ ᠵᠢᠨ ᠪᠠᠶᠢᠭᠠᠯᠢ ᠤᠷᠴᠢᠨ ᠤ ᠬᠠᠮᠠᠭᠠᠯᠠᠯᠳᠡ ᠵᠢᠨ ᠶᠠᠮᠤᠨ ᠳ᠋ᠦ ᠰᠠᠭᠤᠭ᠎ᠠ ᠰᠠᠬᠢᠯᠭ᠎ᠠ ᠪᠠᠳᠤ ᠪᠠᠢᠢᠴᠠᠭᠠᠬᠤ ᠲᠤᠭᠤᠢᠢᠯᠠᠩ ᠤᠨ ᠲᠠᠷ᠋ᠤᠭ᠎ᠠ ᠵᠧᠤ ᠶᠢᠩ᠂ ᠦᠪᠡᠷ᠋ᠳᠡᠭᠡᠨ ᠵᠠᠰᠠᠬᠤ ᠤᠷ᠋ᠤᠨ ᠤ ᠤᠳᠤᠷ᠋ᠢᠳᠤᠯᠭ᠎ᠠ ᠹᠦ᠋ ᠲᠠᠢ ᠽᠧᠩ᠂ ᠵᠠᠩ ᠶᠤᠧᠠᠨ ᠵᠦᠩ᠂ ᠴᠠᠩ ᠵᠢᠶᠦ᠋ᠨ ᠵᠧᠩ ᠶᠠᠷ᠋ᠢᠯᠴᠠᠬᠤ ᠬᠤᠷ᠋ᠠᠯ ᠳ᠋ᠤ ᠤᠷ᠋ᠤᠯᠴᠡᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119755380