蒙古文网站Logo
ᠰᠢᠨᠬᠤᠸᠠ ᠮᠤᠩᠭ᠋ᠤᠯ ᠨᠧᠲ

ᠴᠢ‍·ᠪᠠᠳᠤ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠪᠡᠷ ᠳᠤᠮᠢᠯᠠᠭᠳᠠᠪᠠ

2016-10-21 09:03

    10 ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠡᠴᠡ ᠴᠢ‍·ᠪᠠᠳᠤ ᠨᠦᠬᠦᠷ ᠢ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠬᠢᠩᠭᠠᠨ ᠠᠶᠢᠮᠠᠭ ᠤᠨ ᠳᠠᠷᠤᠭ᠎ᠠ ᠶᠢᠨ ᠨᠡᠷ᠎ᠡ ᠳᠡᠪᠰᠢᠭᠴᠢ ᠪᠡᠷ ᠳᠤᠮᠢᠯᠠᠭᠰᠠᠨ ᠢ ᠵᠠᠷᠯᠠᠭᠰᠠᠨ ᠪᠠᠶᠢᠨ᠎ᠠ᠃

    ᠴᠢ‍·ᠪᠠᠳᠤ᠂ ᠡᠷᠡᠭᠳᠡᠢ᠂ ᠮᠤᠩᠭᠤᠯ ᠦᠨᠳᠦᠰᠦᠳᠡᠨ᠂ 1971 ᠤᠨ ᠤ 9 ᠰᠠᠷ᠎ᠠ ᠳᠤ ᠳᠦᠷᠦᠵᠡᠢ᠃ ᠦᠪᠦᠷ ᠮᠤᠩᠭᠤᠯ ᠤᠨ ᠵᠦᠩᠭᠠᠷ ᠬᠤᠰᠢᠭᠤᠨ ᠤ ᠬᠦᠮᠦᠨ᠂ ᠮᠠᠬᠢᠰᠲ᠋ᠷ ᠤᠨ ᠨᠠᠮᠳᠠᠷ ᠲᠠᠢ᠂ 1995 ᠤᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠬᠦᠯᠵᠤ᠂ 1991 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ ᠳᠡᠷᠡᠪᠡᠷ ᠤᠷᠢᠳ ᠬᠤᠵᠢᠳ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠦᠩᠭᠠᠷ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ᠂ ᠵᠦᠩᠭᠠᠷ ᠬᠤᠰᠢᠭᠤᠨ ᠤ ᠤᠬᠠᠭᠤᠯᠬᠤ ᠬᠡᠯᠳᠡᠰ ᠤᠨ ᠳᠡᠳ᠋ ᠳᠠᠷᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠬᠡᠬᠤᠳᠠ ᠶᠢᠨ ᠳᠡᠳ᠋ ᠬᠤᠳᠠ ᠶᠢᠨ ᠳᠠᠷᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠳᠡᠳ᠋ ᠳᠠᠷᠤᠭ᠎ᠠ ᠵᠡᠷᠬᠡ ᠠᠵᠢᠯ ᠠᠯᠪᠠ ᠲᠠᠢ ᠶᠠᠪᠤᠵᠠᠢ᠃

ᠢᠷᠡᠯᠳᠡ᠄ ᠬᠢᠩᠭ᠋ᠠᠨ ᠤ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119760641