蒙古文网站Logo
ᠰᠢᠨᠬᠤᠸᠠ ᠮᠤᠩᠭ᠋ᠤᠯ ᠨᠧᠲ

ᠳᠡᠮᠦᠷ ᠵᠠᠮ ᠤᠨ ᠴᠠᠭᠳᠠᠭ᠎ᠠ 1.5 ᠳ᠋ᠦᠩᠰᠢᠭᠤᠷ ᠳᠦᠬᠦᠷᠢᠭ ᠮᠡᠬᠡᠯᠡᠬᠡᠳ ᠳᠤᠳᠠᠭᠠᠵᠤ ᠪᠠᠶᠢᠭᠰᠠᠨ ᠡᠮᠡᠭᠳᠡᠢ ᠶᠢ ᠪᠠᠷᠢᠪᠴᠢᠯᠠᠵᠠᠢ

2016-10-24 12:02

    ᠰᠢᠨᠬᠤᠧᠠ ᠬᠤᠷᠢᠶ᠎ᠠ   ᠦᠬᠠᠨ ᠤ 10 ᠰᠠᠷ᠎ᠠ ᠶᠢᠨ 23 ᠤ᠋ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠯᠢᠶᠠᠩ ᠵᠢᠶᠠᠨ ᠴᠢᠶᠠᠩ) ᠨᠢᠬᠡᠨ ᠡᠮᠡᠭᠳᠡᠢ 1.5 ᠳ᠋ᠦᠩᠰᠢᠭᠤᠷ ᠳᠦᠬᠦᠷᠢᠭ ᠮᠡᠬᠡᠯᠡᠬᠡᠳ ᠬᠤᠷᠳᠤᠨ ᠤ ᠭᠠᠯᠳᠤ ᠳᠡᠷᠬᠡᠨ ᠳᠤ ᠰᠠᠭᠤᠵᠤ ᠳᠤᠳᠠᠭᠠᠬᠤ ᠬᠡᠵᠤ ᠪᠠᠶᠢᠭᠰᠠᠭᠠᠷ ᠦᠬᠠᠨ ᠤ ᠳᠡᠮᠦᠷ ᠵᠠᠮ ᠤᠨ ᠴᠠᠭᠳᠠᠭᠠᠨ ᠤ ᠬᠢᠨ ᠳᠤ ᠪᠠᠷᠢᠪᠴᠢᠯᠠᠭᠳᠠᠵᠠᠢ᠃ 10 ᠰᠠᠷ᠎ᠠ ᠶᠢᠨ 23 ᠤ ᠡᠳᠦᠷ᠂ ᠦᠬᠠᠨ ᠤ ᠳᠡᠮᠦᠷ ᠵᠠᠮ ᠤᠨ ᠴᠠᠭᠳᠠᠭᠠᠨ ᠤ ᠬᠢᠨ ᠬᠦᠢᠶᠠᠩ ᠤᠨ ᠳᠡᠮᠦᠷ ᠵᠠᠮ ᠤᠨ ᠴᠠᠭᠳᠠᠭᠠᠨ ᠤ ᠬᠢᠨ ᠡᠴᠡ ᠤᠶᠢᠯᠠᠭᠠᠭᠰᠠᠨ ᠢᠶᠡᠷ᠂ ᠳᠤᠰ ᠬᠡᠷᠡᠭ ᠤᠨ ᠰᠡᠵᠢᠭᠳᠡᠨ ᠢ ᠨᠢᠬᠡᠨᠳᠡ ᠬᠡᠷᠡᠭ ᠡᠬᠦᠰᠦᠭᠰᠡᠨ ᠭᠠᠵᠠᠷ ᠤᠨ ᠴᠠᠭᠳᠠᠭᠠᠨ ᠤ ᠬᠢᠨ ᠳᠤ ᠳᠤᠰᠢᠶᠠᠭᠰᠠᠨ ᠪᠠᠶᠢᠨ᠎ᠠ᠃

    ᠦᠬᠠᠨ ᠤ ᠳᠡᠮᠦᠷ ᠵᠠᠮ ᠤᠨ ᠴᠠᠭᠳᠠᠭᠠᠨ ᠤ ᠬᠢᠨ ᠤ ᠵᠠᠳᠠᠷᠠᠭᠤᠯᠤᠭᠰᠠᠨ ᠢᠶᠡᠷ᠂ 16 ᠤ ᠡᠳᠦᠷ ᠤᠨ 14᠄30 ᠴᠠᠭ ᠲᠤ᠂ ᠬᠦᠢᠶᠠᠩ ᠡᠴᠡ ᠦᠬᠠᠨ ᠬᠦᠷᠬᠦ G1524 ᠬᠤᠷᠳᠤᠨ ᠤ ᠭᠠᠯᠳᠤ ᠳᠡᠷᠬᠡᠨ ᠳᠡᠬᠡᠷᠡᠬᠢ ᠴᠠᠭᠳᠠᠭ᠎ᠠ᠂ 1.5 ᠳ᠋ᠦᠩᠰᠢᠭᠤᠷ ᠳᠦᠬᠦᠷᠢᠭ ᠮᠡᠬᠡᠯᠡᠭᠰᠡᠨ ᠨᠢᠬᠡᠨ ᠬᠡᠷᠡᠭᠳᠡᠨ ᠳᠤᠰ ᠡᠬᠡᠯᠵᠢ ᠶᠢᠨ ᠭᠠᠯᠳᠤ ᠳᠡᠷᠬᠡᠨ ᠳᠤ ᠭᠠᠷᠤᠭᠰᠠᠨ ᠬᠡᠬᠦ ᠬᠦᠢᠶᠠᠩ ᠤᠨ ᠳᠡᠮᠦᠷ ᠵᠠᠮ ᠤᠨ ᠴᠠᠭᠳᠠᠭᠠᠨ ᠤ ᠬᠢᠨ ᠤ ᠮᠡᠳᠡᠬᠦᠯᠦᠯᠳᠡ ᠶᠢ ᠳᠤᠰᠴᠠᠢ᠃ ᠮᠡᠳᠡᠬᠦᠯᠦᠯᠳᠡ ᠶᠢ ᠳᠤᠰᠤᠭᠰᠠᠨ ᠤ ᠳᠠᠷᠠᠭ᠎ᠠ ᠳᠡᠷᠡ ᠳᠠᠷᠤᠶᠢᠬᠠᠨ ᠪᠠᠶᠢᠴᠠᠭᠠᠬᠤ ᠠᠵᠢᠯᠯᠠᠭ᠎ᠠ ᠦᠷᠨᠢᠬᠦᠯᠵᠤ᠂ ᠳᠡᠷᠬᠡᠨ ᠳᠡᠬᠡᠷᠡᠬᠢ ᠰᠡᠵᠢᠭᠳᠡᠢ ᠬᠦᠮᠦᠰ ᠢ ᠨᠢᠬᠡᠳ ᠨᠢᠬᠡ ᠪᠡᠷ ᠪᠠᠶᠢᠴᠠᠭᠠᠨ᠂ ᠡᠴᠤᠰ ᠲᠤ ᠪᠡᠨ 3 ᠨᠤᠮᠧᠷᠳᠤ ᠸᠠᠭᠤᠨ ᠡᠴᠡ ᠳᠤᠰ ᠬᠡᠷᠡᠭ ᠲᠤ ᠬᠤᠯᠪᠤᠭᠳᠠᠭᠰᠠᠨ ᠡᠮᠡᠭᠳᠡᠢ ᠶᠢ ᠪᠠᠷᠢᠪᠴᠢᠯᠠᠵᠠᠢ᠃ ᠳᠠᠷᠠᠭ᠎ᠠ ᠨᠢ ᠰᠡᠵᠢᠭᠳᠡᠨ ᠢ ᠬᠦᠢᠶᠠᠩ ᠤᠨ ᠳᠡᠮᠦᠷ ᠵᠠᠮ ᠤᠨ ᠴᠠᠭᠳᠠᠭᠠᠨ ᠤ ᠬᠢᠨ ᠳᠤ ᠳᠤᠰᠢᠶᠠᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119775285