蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠠᠵᠤ ᠦᠢᠯᠡᠳᠪᠤᠷᠢ ᠪᠤᠯᠤᠨ ᠮᠡᠳᠡᠭᠡ ᠵᠠᠩᠬᠢᠵᠢᠯᠳᠠ ᠶᠢᠨ ᠶᠠᠮᠤᠨ ᠪᠠ ᠤᠯᠤᠰ ᠤᠨ ᠵᠢᠭᠤᠯᠴᠢᠯᠠᠯ ᠤᠨ ᠲᠤᠪᠴᠢᠶ᠎ᠠ ᠲᠠᠢ ᠶᠠᠷᠢᠯᠴᠠᠬᠤ ᠬᠤᠷᠠᠯ ᠳᠤ ᠤᠷᠤᠯᠴᠠᠵᠠᠢ

2016-10-25 09:39

    10 ᠰᠠᠷ᠎ᠠ ᠶᠢᠨ 21 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠷᠢᠳ ᠬᠤᠵᠢᠳ ᠠᠵᠤ ᠦᠢᠯᠡᠳᠪᠤᠷᠢ ᠪᠤᠯᠤᠨ ᠮᠡᠳᠡᠭᠡ ᠵᠠᠩᠬᠢᠵᠢᠯᠳᠠ ᠶᠢᠨ ᠶᠠᠮᠤᠨ᠂ ᠤᠯᠤᠰ ᠤᠨ ᠵᠢᠭᠤᠯᠴᠢᠯᠠᠯ ᠤᠨ ᠲᠤᠪᠴᠢᠶ᠎ᠠ ᠲᠠᠢ ᠪᠡᠭᠡᠵᠢᠩ ᠳᠤ ᠶᠠᠷᠢᠯᠴᠠᠬᠤ ᠬᠤᠷᠠᠯ ᠬᠢᠵᠠᠢ᠃ ᠬᠤᠷᠠᠯ ᠠᠴᠠ᠂ ᠠᠵᠠ ᠲᠤᠬᠢᠶᠠᠯ ᠢ ᠠᠳᠬᠤᠨ᠂ ᠳᠤᠳᠠᠭᠤᠳᠠᠯ ᠢᠶᠠᠨ ᠨᠦᠬᠦᠪᠦᠷᠢᠯᠡᠵᠦ᠂ ᠰᠢᠯᠢᠳᠡᠭᠵᠢᠬᠦᠯᠦᠨ ᠲᠡᠰ ᠲᠡᠪᠰᠢᠬᠦᠯᠵᠦ᠂ ᠥᠪᠦᠷ ᠮᠤᠩᠭᠤᠯ ᠤᠨ ᠠᠵᠤ ᠦᠢᠯᠡᠳᠪᠤᠷᠢ ᠡᠳ᠋ ᠤᠨ ᠵᠠᠰᠠᠭ ᠮᠡᠳᠡᠭᠡ ᠵᠠᠩᠬᠢᠵᠢᠯᠳᠠ ᠶᠢᠨ ᠪᠦᠳᠦᠭᠡᠨ ᠪᠠᠶᠢᠭᠤᠯᠤᠯᠳᠠ ᠪᠠ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢᠨ ᠰᠢᠨ᠎ᠠ ᠲᠠᠪᠠᠯᠳᠠ ᠶᠢ ᠪᠡᠶᠡᠯᠡᠬᠦᠯᠬᠦ ᠪᠠᠷ ᠬᠦᠴᠦᠯᠡᠬᠦ ᠭᠡᠷᠡᠭᠲᠡᠢ ᠭᠡᠪᠡ᠃

    ᠠᠵᠤ ᠦᠢᠯᠡᠳᠪᠤᠷᠢ ᠪᠤᠯᠤᠨ ᠮᠡᠳᠡᠭᠡ ᠵᠠᠩᠬᠢᠵᠢᠯᠳᠠ ᠶᠢᠨ ᠶᠠᠮᠤᠨ ᠤ ᠰᠠᠶᠢᠳ ᠮᠢᠶᠤᠤ ᠸᠧᠢ᠂ ᠤᠯᠤᠰ ᠤᠨ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ ᠯᠢ ᠶᠢᠨ ᠽᠤᠤ ᠲᠤᠰᠪᠤᠷᠢ ᠬᠤᠷᠠᠯ ᠡᠷᠬᠢᠯᠡᠬᠦ ᠶᠢᠨ ᠬᠠᠮᠳᠦ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠤᠰ ᠤᠨ ᠶᠠᠮᠤᠨ ᠵᠦᠪᠯᠡᠯ ᠲᠠᠢ ᠬᠠᠮᠵᠢᠯᠴᠠᠨ ᠰᠢᠢᠳᠪᠤᠷᠢᠯᠡᠬᠦᠯᠬᠦ ᠪᠠᠷ ᠭᠤᠶᠤᠴᠢᠯᠠᠬᠤ ᠵᠦᠢᠯ ᠤᠨ ᠲᠤᠬᠠᠢ ᠮᠡᠳᠡᠬᠦᠯᠦᠯᠳᠠ ᠬᠢᠵᠠᠢ᠃

    ᠮᠢᠶᠤᠤ ᠸᠧᠢ ᠶᠠᠷᠢᠯᠴᠠᠬᠤ ᠬᠤᠷᠠᠯ ᠲᠡᠭᠡᠷ᠎ᠠ᠂ ᠤᠯᠤᠰ ᠤᠨ ᠠᠵᠦ ᠦᠢᠯᠡᠳᠪᠦᠷᠢ ᠪᠤᠯᠤᠨ ᠮᠡᠲᠡᠭᠡ ᠵᠠᠩᠭᠢᠵᠢᠯᠳᠠ ᠶᠢᠨ ᠶᠠᠮᠤᠨ ᠦᠪᠦᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢ ᠶᠡᠷᠦ ᠠᠴᠠ ᠪᠠᠨ ᠲᠡᠭᠡᠲᠦ ᠬᠡᠮᠵᠢᠶ᠎ᠠ ᠪᠠᠷ ᠬᠠᠯᠠᠮᠵᠢᠯᠠᠠ ᠠᠩᠬᠠᠷᠤᠭᠰᠠᠭᠠᠷ ᠢᠷᠡᠵᠠᠢ᠃ ᠢᠯᠠᠩᠭᠤᠶ᠎ᠠ 2011 ᠤᠨ ᠳᠤ ᠬᠤᠶᠠᠷ ᠲᠠᠯ᠎ᠠ ᠪᠠᠷ ᠢᠶᠠᠨ ᠬᠠᠮᠲᠤ ᠶᠢᠨ ᠠᠵᠢᠯᠯᠠᠭᠠᠨ ᠤ ᠪᠦᠲᠦᠭᠦᠪᠴᠢ ᠭᠡᠯᠡᠯᠴᠡᠭᠡᠷ ᠲᠤ ᠭᠠᠷ ᠤᠨ ᠦᠰᠦᠭ ᠵᠢᠷᠤᠭᠰᠠᠠ ᠠᠴᠠ ᠨᠠᠭᠠᠰᠢ᠂ ᠠᠵᠦ ᠦᠢᠯᠡᠳᠪᠦᠷᠢ ᠶᠢᠨ ᠡᠳ᠋ ᠤᠨ ᠵᠠᠰᠠᠭ ᠪᠤᠯᠤᠨ ᠮᠡᠲᠡᠭᠡ ᠵᠠᠩᠭᠢᠵᠢᠯᠲᠠ ᠶᠢᠨ ᠪᠦᠲᠦᠭᠡᠡ ᠪᠠᠶᠢᠭᠤᠯᠤᠯᠲᠠ ᠶᠢᠨ ᠲᠠᠯ᠎ᠠ ᠪᠠᠷ ᠰᠠᠶᠢᠨ ᠰᠠᠶᠢᠬᠠᠠ ᠬᠠᠷᠢᠯᠴᠠᠭ᠎ᠠ ᠪᠠ ᠬᠠᠮᠲᠤ ᠶᠢᠨ ᠠᠵᠢᠯᠯᠠᠭ᠎ᠠ ᠶᠢ ᠪᠠᠳᠤᠯᠠᠭᠰᠠᠭᠠᠷ ᠢᠷᠡᠪᠠ᠃ ᠬᠤᠶᠢᠰᠢᠲᠠ᠂ ᠤᠯᠤᠰ ᠤᠨ ᠠᠵᠦ ᠦᠢᠯᠡᠳᠪᠦᠷᠢ ᠪᠤᠯᠤᠠ ᠮᠡᠲᠡᠭᠡ ᠵᠠᠩᠭᠢᠵᠢᠯᠳᠠ ᠶᠢᠨ ᠶᠠᠮᠤᠨ ᠦᠪᠦᠷ ᠮᠤᠩᠭᠤᠯ ᠯᠤᠭ᠎ᠠ ᠶᠢᠨ ᠬᠠᠮᠲᠤ ᠶᠢᠨ ᠠᠵᠢᠯᠯᠠᠭ᠎ᠠ ᠪᠡᠨ ᠲᠠᠰᠤᠷᠠᠯᠲᠠ ᠦᠭᠡᠢ ᠬᠦᠨᠵᠡᠭᠡᠶᠢᠷᠡᠭᠦᠯᠦᠠ᠂ ᠦᠪᠦᠷ ᠮᠤᠩᠭᠤᠯ ᠤᠨ ᠲᠠᠪᠠᠭᠤᠯᠢᠭ ᠲᠠᠢ ᠤᠨᠴᠠᠯᠢᠭᠳᠤ ᠠᠵᠦ ᠦᠢᠯᠡᠰ ᠤᠨ ᠬᠦᠭᠵᠢᠯᠲᠠ ᠶᠢ ᠭᠤᠤᠯᠲᠠᠯᠭ᠎ᠠ ᠲᠠᠢ ᠲᠡᠮᠵᠢᠵᠦ᠂ ᠦᠪᠦᠷ ᠮᠤᠩᠭᠤᠯ ᠳᠤ ᠳᠤᠰᠠᠯᠠᠵᠤ᠂ ᠡᠬᠢ ᠪᠠᠶᠠᠯᠢᠭ ᠤᠨ ᠲᠠᠪᠠᠭᠤᠯᠢᠭ ᠢ ᠮᠡᠷᠭᠡᠵᠢᠯ ᠤᠨ ᠪᠤᠭᠤᠮᠲᠠ ᠰᠢᠪᠲᠤᠯᠤᠯᠲᠠ ᠪᠠᠷ ᠲᠠᠮᠵᠢᠭᠤᠯᠵᠦ ᠠᠵᠦ ᠦᠢᠯᠡᠰ ᠤᠨ ᠲᠠᠪᠠᠭᠤᠯᠢᠭ᠂ ᠡᠳ᠋ ᠤᠨ ᠵᠠᠰᠠᠭ ᠤᠨ ᠲᠠᠪᠠᠭᠤᠯᠢᠭ ᠪᠤᠯᠭᠠᠠ ᠬᠤᠪᠢᠷᠠᠭᠤᠯᠤᠨ᠎ᠠ ᠭᠡᠪᠡ᠃ ᠲᠡᠷᠡ ᠦᠪᠦᠷ ᠮᠤᠩᠭᠤᠯ ᠢ ᠬᠢᠲᠠᠳ ᠡᠮ ᠤᠨ ᠮᠠᠲ᠋ᠧᠷᠢᠶᠠᠯ ᠵᠡᠷᠭᠡ ᠠᠵᠦ ᠦᠢᠯᠡᠰ ᠤᠨ ᠮᠡᠷᠭᠡᠵᠢᠯ ᠤᠨ ᠲᠡᠭᠡᠭᠰᠢᠯᠡᠯᠲᠡ ᠶᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠢᠷᠬᠡᠳ ᠤᠨ ᠡᠵᠡᠩᠨᠡᠯᠲᠦ ᠪᠡᠯᠡ ᠮᠦᠩᠭᠦ ᠶᠢ ᠬᠦᠲᠦᠯᠦᠨ ᠲᠠᠭᠠᠭᠤᠯᠵᠦ ᠪᠠᠶᠢᠭᠠᠳ ᠴᠢᠮᠡᠭᠡ ᠬᠤᠯᠪᠤᠭᠠᠠ ᠤ ᠵᠠᠬ᠎ᠠ ᠵᠡᠬᠡᠯᠢ ᠳᠤ ᠤᠷᠤᠭᠤᠯᠬᠤ ᠪᠠᠷ ᠵᠤᠷᠢᠠᠠᠵᠢᠭᠤᠯᠵᠦ᠂ 《ᠬᠤᠶᠠᠷ》  ᠢ᠋ ᠢᠵᠢᠯ ᠠᠯᠬᠤᠮ ᠢᠶᠠᠷ ᠠᠬᠢᠭᠤᠯᠤᠨ ᠠᠭᠤᠰᠤᠯᠴᠠᠭᠤᠯᠤᠨ ᠬᠦᠭᠵᠢᠭᠦᠯᠬᠦ ᠲᠤᠮᠲᠠ ᠰᠢᠨ᠎ᠠ ᠵᠠᠮ ᠨᠡᠭᠡᠭᠡᠬᠦ ᠶᠢ ᠬᠦᠰᠡᠵᠠᠢ᠃

    ᠯᠢ ᠵᠢᠢ ᠾᠧᠩ ᠠᠵᠦ ᠦᠢᠯᠠᠳᠪᠤᠷᠢ ᠪᠡ ᠮᠠᠳᠡᠭᠡ ᠵᠠᠩᠬᠢᠵᠢᠯᠳᠠ ᠶᠢᠨ ᠶᠠᠮᠤᠡ ᠤ ᠤᠷᠳᠦ ᠬᠤᠭᠤᠴᠠᠭᠠᠠ ᠤ ᠳᠤᠷᠰᠢ ᠬᠢᠯᠢ ᠬᠢᠵᠠᠭᠠᠷ ᠤᠷᠦᠠ᠂ ᠦᠨᠳᠦᠰᠦᠳᠠᠠ ᠤ ᠭᠠᠵᠠᠷ ᠤᠷᠦᠠ ᠢ ᠬᠠᠯᠠᠮᠵᠢᠯᠠᠠ ᠳᠡᠮᠵᠢᠭᠰᠡᠭᠡᠷ ᠢᠷᠡᠭᠰᠠᠠ ᠳᠤ ᠳᠠᠯᠠᠷᠬᠠᠪᠡ᠃ ᠳᠠᠷᠠ᠂ ᠤᠳᠦᠬᠠᠨ ᠳᠤ ᠦᠪᠤᠷ ᠮᠤᠩᠭᠤᠯ ᠶᠠᠬ ᠡᠳ᠋ ᠤᠨ ᠵᠠᠰᠠᠭ ᠤᠨ ᠪᠦᠳᠦᠴᠠ ᠳᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠳᠤᠬᠢᠷᠠᠭᠤᠯᠤᠯᠳᠠ ᠬᠢᠬᠦ ᠶᠢ ᠶᠡᠬᠡᠪᠡᠷ ᠠᠬᠢᠭᠤᠯᠤᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠠᠳᠦᠬᠰᠠᠠ ᠠᠵᠦ ᠦᠢᠯᠠᠰ ᠢ ᠢᠳᠡᠪᠬᠢᠳᠡᠢ ᠬᠦᠭᠵᠢᠬᠦᠯᠵᠦ᠂ ᠶᠠᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠢᠶᠠᠷ ᠰᠢᠨᠵᠢᠯᠠᠠ ᠪᠠᠶᠢᠴᠠᠭᠠᠬᠤ ᠦᠶ᠎ᠠ ᠳᠠᠬᠢ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠦᠨᠳᠦᠰᠦᠯᠠᠬᠦᠯᠵᠦ᠂ ᠦᠷ᠎ᠠ ᠵᠢᠮᠢᠰ ᠰᠠᠭᠤᠯᠭᠠᠬᠤ ᠶᠢ ᠦᠨᠠᠠᠬᠦ ᠪᠠᠳᠦᠯᠠᠵᠡᠢ᠃ ᠠᠵᠦ ᠦᠢᠯᠠᠳᠪᠤᠷᠢ ᠪᠡ ᠮᠡᠳᠡᠭᠡ ᠵᠠᠩᠬᠢᠵᠢᠯᠳᠠ ᠶᠢᠨ ᠶᠠᠮᠤᠡ ᠠᠴᠠ ᠤᠯᠥᠰ ᠤᠨ ᠳᠤᠮᠤ ᠳ᠋ᠠᠶᠢᠲ᠋ᠨ ᠶᠢᠨ ᠶᠡᠷᠦᠩᠬᠡᠶᠢᠯᠡᠭᠰᠠᠠ ᠳᠤᠷᠰᠢᠯᠳᠠ ᠶᠢᠨ ᠤᠷᠦᠠ ᠤ ᠪᠦᠳᠦᠬᠡᠡ ᠪᠠᠶᠢᠭᠤᠯᠤᠯᠳᠠ᠂ ᠪᠠᠯ ᠴᠢᠯᠠᠭᠤ (ᠡᠲ᠋ᠧᠯᠸᠠ) ᠶ᠋ᠢᠨ ᠰᠢᠨ᠎ᠠ ᠮᠠᠲ᠋ᠧᠷᠢᠶᠠᠯ ᠤᠨ ᠠᠵᠦ ᠦᠢᠯᠠᠰ ᠤᠨ ᠰᠠᠭᠤᠷᠢᠠ᠂ ᠨᠠᠬᠦᠷᠠᠰᠦ ᠴᠠᠬᠢᠯᠭᠠᠠ ᠴᠤᠬᠤᠢ ᠬᠦᠩᠬᠡᠡ ᠴᠡᠭᠠᠠ ᠤ ᠡᠷᠬᠢᠯᠳᠡᠳᠦ ᠠᠵᠦ ᠦᠢᠯᠠᠰ ᠤᠨ ᠰᠠᠭᠤᠷᠢᠠ᠂ ᠬᠦᠬᠡᠬᠤᠳᠠ ᠶᠢᠨ ᠰᠢᠨ᠎ᠠ ᠡᠨᠧᠷᠬᠢ ᠶᠢᠨ ᠮᠠᠰᠢᠡ ᠳᠡᠷᠬᠡᠡ ᠤ ᠪᠦᠬᠦ ᠠᠵᠦ ᠦᠢᠯᠠᠰ ᠤᠨ ᠬᠡᠯᠬᠢᠶ᠎ᠠ ᠶᠢᠨ ᠪᠦᠳᠦᠬᠡᠡ ᠪᠠᠶᠢᠭᠤᠯᠤᠯᠳᠠ ᠵᠡᠷᠬᠡ ᠳᠡᠯ᠎ᠠ ᠳᠤ ᠳᠦᠷᠦ ᠶᠢᠨ ᠪᠤᠳᠤᠯᠭ᠎ᠠ᠂ ᠳᠦᠷᠦᠯ ᠵᠦᠢᠯ ᠪᠡ ᠪᠡᠯᠡ ᠮᠦᠩᠬᠦ ᠶᠢᠨ ᠳᠡᠯ᠎ᠠ ᠪᠠᠷ ᠬᠡᠯᠪᠠᠶᠢᠵᠦ᠂ ᠦᠪᠤᠷ ᠮᠤᠩᠭᠤᠯ ᠤᠨ ᠠᠵᠦ ᠦᠢᠯᠠᠳᠪᠤᠷᠢ ᠡᠳ᠋ ᠤᠨ ᠵᠠᠰᠠᠭ ᠤᠨ ᠬᠦᠭᠵᠢᠯᠳᠡ ᠶᠢᠨ ᠳᠤᠳᠠᠭᠤᠳᠠᠯ ᠪᠡ ᠬᠦᠷᠦᠯᠴᠠᠬᠦ ᠦᠬᠡᠢ ᠳᠡᠯ᠎ᠠ ᠪᠠᠨ ᠨᠦᠬᠦᠪᠤᠷᠢᠯᠡᠬᠦ ᠶᠢ ᠠᠬᠢᠭᠤᠯᠵᠦ᠂ ᠰᠢᠨ᠎ᠠ ᠬᠦᠳᠠᠯᠬᠡᠬᠦ ᠬᠦᠴᠦᠡ ᠢ ᠪᠤᠶᠢᠵᠢᠭᠤᠯᠵᠦ ᠪᠤᠵᠠᠭᠠᠢᠢᠷᠠᠭᠤᠯᠵᠦ ᠬᠦᠭᠵᠢᠬᠦᠯᠬᠦ ᠶᠢ ᠬᠦᠰᠠᠨ᠎ᠠ ᠬᠡᠵᠡᠢ᠃

    ᠤᠯᠤᠰ ᠤᠨ ᠵᠢᠭᠤᠯᠴᠢᠯᠠᠯ ᠤᠨ ᠲᠤᠪᠴᠢᠶ᠎ᠡ ᠳᠤ᠂ ᠯᠢ ᠵᠢᠢ ᠾᠧᠩ᠂ ᠪᠦ᠋ ᠰᠢᠶᠤᠤ ᠯᠢᠨ ᠬᠤᠶᠠᠷ ᠯᠢ ᠶᠢᠨ ᠽᠤᠤ ᠶᠢᠨ ᠪᠠᠷ᠎ᠡ ᠪᠤᠯᠤᠯᠭ᠎ᠠ ᠲᠠᠢ ᠪᠠᠷ ᠤᠯᠤᠰ ᠤᠨ ᠵᠢᠭᠤᠯᠴᠢᠯᠠᠯ ᠤᠨ ᠲᠤᠪᠴᠢᠶ᠎ᠡ ᠶᠢᠨ ᠠᠵᠢᠯ ᠦᠢᠯᠡᠰ ᠤᠨ ᠡᠷᠬᠢᠯᠳᠠ ᠶᠢ ᠬᠢᠨᠠᠨ ᠭᠡᠮᠵᠢᠬᠦ ᠪᠡ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠠᠪᠴᠠᠩ ᠢ ᠲᠤᠭᠤᠷᠢᠨ ᠦᠵᠡᠬᠦ ᠶᠢᠨ ᠬᠠᠮᠳᠦ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠡ᠂ ᠪᠦᠷᠢᠶ᠎ᠡ ᠮᠠᠩᠬ᠎ᠠ ᠪᠡ ᠴᠢᠩᠬᠢᠰ ᠤᠨ ᠤᠩᠭᠤᠨ ᠤ ᠵᠢᠭᠤᠯᠴᠢᠯᠠᠯ ᠤᠨ ᠦᠵᠡᠮᠦᠷᠢ ᠶᠢᠨ ᠪᠦᠰᠡ ᠶᠢᠨ ᠬᠠᠷᠢᠭᠤᠴᠠᠯᠭᠠᠲᠠᠨ ᠲᠠᠢ ᠸᠢᠳᠢᠣ᠋ ᠪᠠᠷ ᠬᠤᠯᠪᠤᠭᠳᠠᠪᠠ᠃

    ᠯᠢ ᠶᠢᠨ ᠽᠤᠤ ᠶᠠᠷᠢᠯᠴᠠᠬᠤ ᠬᠤᠷᠠᠯ ᠳᠡᠭᠡᠷ᠎ᠠ᠂ ᠪᠦᠭᠦ ᠪᠦᠰᠡ ᠨᠤᠳᠤᠭ ᠤᠨ ᠵᠢᠭᠤᠯᠴᠢᠯᠠᠯ ᠪᠤᠯ ᠤᠯᠤᠰ ᠤᠨ ᠵᠢᠭᠤᠯᠴᠢᠯᠠᠯ ᠤᠨ ᠲᠤᠪᠴᠢᠶ᠎ᠡ ᠶᠢᠨ ᠭᠦᠭᠵᠢᠯᠳᠡ ᠶᠢᠨ ᠴᠢᠬᠤᠯᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠤ ᠪᠤᠳᠤᠯᠭ᠎ᠠ ᠮᠦᠨ᠂ ᠦᠪᠤᠷ ᠮᠤᠩᠭᠤᠯ ᠪᠦᠭᠦ ᠪᠦᠰᠡ ᠨᠤᠳᠤᠭ ᠤᠨ ᠵᠢᠭᠤᠯᠴᠢᠯᠠᠯ ᠤᠨ ᠦᠢᠯᠠᠭᠠᠬᠳᠠᠬᠤᠨ ᠪᠡ ᠢᠳᠡᠭᠡᠯ ᠢ ᠪᠠᠳᠤᠳᠬᠠᠨ ᠪᠤᠢ ᠪᠤᠯᠭᠠᠬᠤ ᠪᠦᠭᠡᠳ ᠲᠠᠰᠤᠷᠠᠯᠳᠡ ᠦᠭᠡᠢ ᠴᠢᠩᠭᠠᠳᠬᠠᠨ ᠭᠦᠭᠵᠢᠭᠦᠯᠵᠤ᠂ ᠪᠦᠭᠦ ᠪᠦᠰᠡ ᠨᠤᠳᠤᠭ ᠤᠨ ᠵᠢᠭᠤᠯᠴᠢᠯᠠᠯ ᠤᠨ ᠪᠠᠶᠢᠭᠤᠯᠤᠮᠵᠢ ᠲᠤᠭᠳᠠᠴᠡ ᠶᠢ ᠪᠠᠶᠢᠭᠤᠯᠤᠨ ᠪᠦᠷᠢᠨᠰᠢᠬᠦᠯᠵᠦ᠂ ᠵᠢᠭᠤᠯᠴᠢᠯᠠᠯ ᠤᠨ ᠲᠤᠭ᠎ᠠ ᠪᠠᠷᠢᠮᠳᠡ ᠶᠢᠨ ᠲᠦᠪ ᠤᠨ ᠪᠠᠶᠢᠭᠤᠯᠤᠯᠳᠡ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠵᠢᠭᠤᠯᠴᠢᠯᠠᠯ ᠤᠨ ᠭᠦᠭᠵᠢᠯᠳᠡ ᠶᠢᠨ ᠲᠦᠯᠦᠪᠵᠢᠭᠦᠯᠭᠡ ᠶᠢ ᠰᠢᠨᠵᠢᠯᠡᠭᠦ ᠤᠬᠠᠭᠠᠨᠴᠢ ᠵᠦᠢ ᠵᠤᠬᠢᠰᠲᠠᠢ ᠲᠤᠭᠳᠠᠭᠠᠵᠤ᠂ ᠴᠤᠬ ᠢᠶᠠᠷ ᠠᠳᠬᠤᠵᠦ ᠬᠠᠮᠳᠤᠪᠡᠷ ᠬᠠᠮᠢᠶᠠᠷᠴᠦ ᠪᠠᠶᠢᠭᠠᠳ ᠵᠢᠭᠤᠯᠴᠢᠯᠠᠯ ᠤᠨ ᠦᠢᠯᠡᠰ ᠤᠨ ᠦᠷᠨᠢᠩᠬᠦᠢ ᠭᠦᠭᠵᠢᠯᠳᠡ ᠶᠢ ᠠᠬᠢᠭᠤᠯᠬᠤ ᠶᠢ ᠭᠦᠰᠡᠵᠤ ᠪᠤᠢ ᠭᠡᠵᠠᠢ᠃

    ᠯᠢ ᠵᠢᠢ ᠡᡁᠧᠩ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠵᠢᠭᠤᠯᠴᠢᠯᠠᠯ ᠤᠨ ᠦᠢᠯᠡᠰ ᠪᠠᠭᠤᠷᠠᠢ ᠪᠠᠶᠢᠵᠦ ᠪᠤᠯᠬᠤ ᠦᠬᠡᠢ᠃ ᠤᠯᠤᠰ ᠤᠨ ᠵᠢᠭᠤᠯᠴᠢᠯᠠᠯ ᠤᠨ ᠳᠤᠪᠴᠢᠶ᠎ᠠ ᠠᠴᠠ ᠦᠪᠦᠷ ᠮᠤᠩᠭᠤᠯ ᠳᠤ ᠨᠠᠷᠠᠳᠦ ᠵᠢᠭᠤᠯᠴᠢᠯᠠᠯ ᠤᠨ ᠪᠦᠰᠡ ᠭᠠᠷᠭᠠᠵᠦ᠂ ᠵᠢᠭᠤᠯᠴᠢᠯᠠᠯ ᠤᠨ ᠳᠦᠯᠦᠪᠵᠢᠬᠦᠯᠬᠡ ᠳᠤᠭᠳᠠᠭᠠᠵᠦ᠂ ᠪᠦᠬᠦ ᠪᠦᠰᠡ ᠨᠤᠳᠤᠭ ᠤᠨ ᠵᠢᠭᠤᠯᠴᠢᠯᠠᠯ ᠤᠨ ᠦᠢᠯᠡᠰ ᠢ ᠠᠬᠢᠭᠤᠯᠵᠦ᠂ ᠳᠤᠮᠳᠠᠳᠤ ᠤᠷᠤᠰ ᠮᠤᠩᠭᠤᠯ ᠤᠨ ᠵᠢᠭᠤᠯᠴᠢᠯᠠᠯ ᠤᠨ ᠬᠠᠮᠳᠤᠷᠠᠯᠴᠠᠭ᠎ᠠ ᠶᠢ ᠦᠷᠨᠢᠬᠦᠯᠵᠦ᠂ ᠤᠨᠴᠠᠯᠢᠬ ᠲᠠᠢ ᠵᠢᠭᠤᠯᠴᠢᠯᠠᠯ ᠤᠨ ᠨᠠᠶᠢᠷ ᠡᠷᠬᠢᠯᠡᠬᠦ ᠳᠠᠯ᠎ᠠ ᠪᠠᠷ ᠨᠡᠩ ᠤᠯᠠᠨ ᠬᠠᠪᠰᠤᠷᠤᠯᠭ᠎ᠠ ᠳᠡᠮᠵᠢᠯᠬᠡ ᠦᠵᠡᠬᠦᠯᠬᠦ ᠶᠢ ᠬᠦᠰᠡᠵᠦ ᠪᠠᠶᠢᠨ᠎ᠠ᠃ ᠤᠯᠤᠰ ᠤᠨ ᠵᠢᠭᠤᠯᠴᠢᠯᠠᠯ ᠤᠨ ᠳᠤᠪᠴᠢᠶ᠎ᠠ ᠠᠴᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠳᠡᠮᠳᠡᠭᠯᠡᠬᠦ ᠭᠤᠤᠯ ᠰᠡᠳᠦᠪ ᠤᠨ ᠲᠤᠭᠤᠷᠢᠨ ᠳᠤ᠂ ᠨᠢᠭᠡ ᠪᠦᠯᠦᠭ ᠴᠢᠬᠤᠯᠠ ᠶᠡᠭᠡ ᠳᠦᠷᠦᠯ ᠵᠦᠢᠯ ᠪᠤᠯᠤᠨ ᠭᠤᠤᠯᠳᠠᠯᠭ᠎ᠠ ᠲᠠᠢ ᠢᠨᠵᠧᠨᠧᠷᠢᠩ ᠢ ᠤᠬᠠᠭᠠᠯᠠᠬᠤ᠂ ᠬᠢᠨᠠᠨ ᠵᠦᠪᠰᠢᠶᠡᠷᠡᠬᠦ᠂ ᠪᠤᠳᠠᠳᠠᠢ ᠬᠡᠷᠡᠭᠵᠢᠬᠦᠯᠬᠦ ᠳᠤ ᠳᠤᠰᠠᠯᠠᠯᠴᠠᠭ᠎ᠠ ᠦᠵᠡᠬᠦᠯᠵᠦ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠳᠤ ᠬᠠᠮᠳᠤᠪᠠᠷ ᠪᠡᠯᠡᠭ ᠬᠦᠷᠬᠡᠶ᠎ᠠ ᠬᠡᠪᠠ᠃

    ᠠᠵᠦ ᠦᠢᠯᠡᠳᠪᠤᠷᠢ ᠪᠤᠯᠤᠨ ᠮᠡᠳᠡᠭᠡ ᠵᠠᠩᠬᠢᠵᠢᠯᠳᠡ ᠶᠢᠨ ᠶᠡᠮᠤᠨ ᠤ ᠳᠡᠳ᠋ ᠰᠠᠶᠢᠳ ᠬᠤᠸᠠᠢ ᠶᠢᠨ ᠫᠧᠩ᠂ ᠰᠢᠨ ᠬᠦᠸᠧ ᠪᠢᠨ᠂ ᠶᠡᠷᠦᠩᠬᠡᠢ ᠢᠨᠵᠧᠨᠧᠷ ᠵᠠᠩ ᠹᠧᠩ᠂ ᠤᠯᠤᠰ ᠤᠨ ᠵᠢᠭᠤᠯᠴᠢᠯᠠᠯ ᠤᠨ ᠳᠤᠪᠴᠢᠶᠠᠨ ᠤ ᠳᠡᠳ᠋ ᠳᠠᠷᠤᠭ᠎ᠠ ᠯᠢ ᠱᠢ ᠬᠤᠩ᠂ ᠸᠧᠢ ᠬᠤᠩ ᠳᠤᠤ᠂ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠹᠦ᠋ ᠲᠠᠢ ᠽᠧᠩ᠂ ᠸᠠᠩ ᠪᠦᠸᠧ ᠬᠠᠮᠢᠶ᠎ᠠ ᠪᠦᠬᠦᠢ ᠶᠠᠷᠢᠯᠴᠠᠬᠤ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119781370