蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠤᠯᠤᠰ ᠤᠨ ᠤᠢ ᠰᠢᠭᠤᠢ ᠶᠢᠨ ᠲᠤᠪᠴᠢᠶ᠎ᠠ ᠪᠠ ᠨᠠᠪᠴᠢᠨ ᠲᠠᠮᠡᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠯᠤᠭ᠎ᠠ ᠶᠢᠨ ᠶᠠᠷᠢᠯᠴᠠᠬᠤ ᠬᠤᠷᠠᠯ ᠳᠤ ᠤᠷᠤᠯᠴᠠᠪᠠ

2016-10-25 10:00

    10 ᠰᠠᠷ᠎ᠠ ᠶᠢᠨ 22 ᠤᠨ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠤᠨ ᠤᠢ ᠰᠢᠭᠤᠢ ᠶᠢᠨ ᠲᠤᠪᠴᠢᠶ᠎ᠠ ᠪᠠ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠯᠤᠭ᠎ᠠ ᠪᠡᠭᠡᠵᠢᠩ ᠳᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠭᠡᠬᠦ ᠤᠢᠢᠯᠠᠭᠠᠭᠳᠠᠬᠤᠨ ᠢ ᠪᠠᠳᠤ ᠴᠤᠭᠴᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠡᠬᠢ ᠪᠠᠶᠠᠯᠢᠭ ᠢ ᠤᠠᠳᠤᠤᠰᠢᠭᠤᠯᠤᠨ ᠦᠷᠳᠡᠭ ᠢ ᠨᠢ ᠨᠡᠮᠡᠭᠳᠡᠬᠦᠯᠬᠦ ᠠᠵᠢᠯ ᠢ ᠯᠠᠪᠳᠠᠭᠤᠨ ᠪᠠᠳᠤᠳᠠᠢ ᠠᠳᠬᠤᠵᠦ᠂ ᠥᠪᠦᠷ ᠮᠤᠩᠭᠤᠯ ᠢᠶᠠᠨ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠪᠤᠯᠭᠠᠨ ᠪᠦᠳᠦᠬᠡᠨ ᠪᠠᠶᠢᠭᠤᠯᠵᠦ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠭᠡᠷᠡᠭᠲᠡᠢ ᠭᠡᠵᠤ ᠴᠢᠬᠤᠯᠠᠴᠢᠯᠠᠪᠠ᠃

    ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠲᠠᠷᠤᠭ᠎ᠠ ᠵᠠᠩ ᠵᠢᠶᠠᠠ ᠯᠦᠩ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠶᠢᠨ ᠲᠠᠷᠤᠭ᠎ᠠ ᠯᠢᠩ ᠴᠧᠩ ᠰᠢᠩ ᠲᠤᠰᠪᠦᠷᠢ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠱᠦᠵᠢ ᠯᠢ ᠵᠢᠢ ᠡᡁᠧᠩ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠃ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠢ ᠲᠦᠯᠦᠭᠡᠯᠡᠨ ᠦᠪᠦᠷ ᠮᠤᠩᠭᠤᠯ ᠤᠨ ᠪᠠᠶᠢᠲᠠᠯ ᠪᠤᠯᠤᠨ ᠤᠯᠤᠰ ᠤᠨ ᠤᠢ ᠰᠢᠭᠤᠢ ᠶᠢᠨ ᠲᠤᠪᠴᠢᠶ᠎ᠠ ᠪᠠ ᠨᠠᠪᠴᠢᠠ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠶᠢᠨ ᠳᠡᠮᠵᠢᠯᠬᠡ ᠪᠡᠷ ᠳᠠᠮᠵᠢᠨ ᠰᠢᠢᠳᠪᠦᠷᠢᠯᠡᠬᠦ ᠴᠢᠬᠤᠯᠠᠲᠠᠢ ᠪᠤᠲᠠᠲᠤ ᠵᠦᠢᠯᠡᠰ ᠢ ᠮᠡᠲᠡᠭᠦᠯᠵᠠᠢ᠃

    ᠵᠠᠩ ᠵᠢᠶᠠᠠ ᠯᠦᠩ ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠤᠷᠲᠤ ᠬᠤᠭᠤᠴᠠᠭᠠᠠ ᠤ ᠲᠤᠷᠰᠢ ᠤᠢ ᠰᠢᠭᠤᠢ ᠶᠢᠨ ᠠᠵᠢᠯ ᠢ ᠤᠢᠢᠯᠠᠭᠠᠠ ᠬᠠᠯᠠᠮᠵᠢᠯᠠᠵᠦ᠂ ᠲᠡᠮᠵᠢᠭᠰᠡᠡ ᠳᠤ ᠲᠠᠯᠠᠷᠬᠠᠵᠦ ᠪᠠᠶᠢᠭ᠎ᠠ ᠪᠠᠨ ᠢᠯᠡᠳᠭᠡᠪᠡ᠃ ᠲᠡᠷᠡ᠂ ᠦᠪᠦᠷ ᠮᠤᠩᠭᠤᠯ ᠪᠤᠯ ᠮᠠᠠ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠪᠠ ᠡᠯᠡᠰᠦᠷᠭᠡᠭᠵᠢᠯ ᠢ ᠰᠡᠷᠬᠡᠶᠢᠯᠡᠨ ᠡᠯᠡᠰᠦᠷᠭᠡᠭᠵᠢᠯ ᠢ ᠵᠠᠰᠠᠬᠤ᠂ ᠤᠰᠤ ᠬᠦᠷᠦᠰᠦᠨ ᠤ ᠢᠳᠡᠭᠳᠡᠯ ᠢ ᠵᠠᠰᠠᠬᠤ ᠴᠢᠬᠤᠯᠠ ᠭᠠᠵᠠᠷ ᠪᠠᠶᠢᠵᠦ᠂ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ᠂ ᠭᠡᠭᠡᠷ᠎ᠠ ᠶᠢᠨ ᠠᠮᠢᠲᠠᠠ ᠤᠷᠭᠤᠮᠠᠯ ᠢ ᠬᠠᠮᠠᠭᠠᠯᠠᠬᠤ᠂ ᠪᠡᠭᠡᠵᠢᠩ ᠲᠢᠶᠠᠠᠵᠢᠨ ᠤ ᠡᠷᠬᠢᠨ ᠲᠤᠭᠤᠷᠢᠨ ᠤ ᠡᠯᠡᠰᠤ ᠰᠡᠯᠬᠢᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠤᠯᠲᠠᠯᠭ᠎ᠠ ᠲᠠᠢ ᠤᠢ ᠰᠢᠭᠤᠢ ᠶᠢᠨ ᠳᠦᠰᠦᠯ ᠢ ᠭᠡᠷᠡᠭᠵᠢᠭᠦᠯᠬᠦ ᠡᠭᠦᠷᠭᠡ ᠶᠢ ᠡᠬᠦᠷᠭᠡᠯᠡᠵᠦ᠂ ᠤᠯᠤᠰ ᠲᠠᠶᠠᠭᠠᠷ ᠤᠨ ᠠᠮᠢ ᠠᠬᠤᠢ ᠵᠢᠴᠢ ᠤᠢ ᠰᠢᠭᠤᠢ ᠶᠢᠨ ᠠᠵᠢᠯ ᠳᠤ ᠴᠢᠬᠤᠯᠠ ᠪᠠᠶᠢᠷᠢ ᠰᠠᠭᠤᠷᠢ ᠲᠠᠢ ᠶᠤᠮ᠃ ᠦᠪᠤᠷ ᠮᠤᠩᠭᠤᠯ ᠤᠨ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ᠂ ᠵᠠᠰᠠᠬ ᠤᠨ ᠤᠷᠳᠦᠡ ᠶᠡᠷᠤ ᠠᠴᠠ ᠪᠠᠨ ᠠᠮᠢ ᠠᠬᠤᠢ ᠪᠡ ᠤᠢ ᠰᠢᠭᠤᠢ ᠶᠢᠨ ᠠᠵᠢᠯ ᠢ ᠴᠢᠬᠤᠯᠠᠴᠢᠯᠠᠠ ᠦᠵᠡᠵᠤ᠂ ᠠᠮᠢ ᠠᠬᠤᠢ ᠶᠢᠨ ᠪᠦᠳᠦᠬᠡᠡ ᠪᠠᠶᠢᠭᠤᠯᠤᠯᠳᠠ ᠪᠡ ᠤᠢ ᠰᠢᠭᠤᠢ ᠶᠢᠨ ᠦᠢᠯᠡᠰ ᠤᠨ ᠬᠦᠭᠵᠢᠯᠳᠡ ᠳᠤ ᠯᠤᠳᠦ ᠶᠡᠭᠡ ᠠᠮᠵᠢᠯᠳᠠ ᠤᠯᠪᠠ᠃ ᠤᠠᠴᠠᠭᠠᠢᠢᠯᠠᠠ ᠤᠯᠤᠰ ᠤᠨ ᠦᠮᠴᠢᠯᠠᠯ ᠤᠨ ᠰᠢᠭᠤᠢᠢᠳᠦ ᠤᠷᠦᠠ ᠤ ᠦᠬᠡᠷᠡᠴᠢᠯᠡᠯᠳᠡ ᠶᠢ ᠡᠷᠳᠡ ᠠᠴᠠ ᠭᠠᠷᠳᠠᠠ ᠬᠢᠵᠦ᠂ ᠲᠤᠬᠠᠢ ᠶᠢᠨ ᠭᠠᠵᠠᠷ ᠲᠤᠨᠢ ᠨᠠᠶᠢᠳᠠᠪᠤᠷᠢᠵᠢᠭᠤᠯᠤᠭᠠᠳ ᠬᠤᠪᠤᠷ ᠨᠠᠠᠳᠢᠠ ᠳᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠤᠯᠥᠰ ᠤᠨ ᠤᠢ ᠰᠢᠭᠤᠢ ᠶᠢᠨ ᠳᠤᠪᠴᠢᠶ᠎ᠠ ᠶᠢᠨ ᠬᠢᠨ ᠦᠪᠤᠷ ᠮᠤᠩᠭᠤᠯ ᠤᠨ ᠤᠢ ᠰᠢᠭᠤᠢ ᠶᠢᠨ ᠬᠦᠭᠵᠢᠯᠳᠡ ᠶᠢ ᠦᠩᠬᠡᠷᠡᠭᠰᠡᠡ ᠲᠠᠢ ᠪᠠᠨ ᠠᠳᠠᠯᠢ ᠪᠠᠷ ᠬᠠᠯᠠᠮᠵᠢᠯᠠᠠ ᠳᠠᠮᠵᠢᠵᠦ᠂ ᠪᠠᠯᠠ ᠤᠷᠦᠭᠤᠯᠤᠯᠳᠠ ᠪᠠᠨ ᠢᠳᠡᠭ ᠢᠳᠡᠭ ᠢᠶᠠᠷ ᠨᠡᠮᠡᠭᠳᠡᠬᠦᠯᠤᠨ ᠤᠯᠥᠰ ᠤᠨ ᠦᠮᠴᠢᠯᠠᠯ ᠤᠨ ᠰᠢᠭᠤᠢᠢᠳᠦ ᠤᠷᠦᠠ ᠤ ᠦᠬᠡᠷᠡᠴᠢᠯᠡᠯᠳᠡ᠂ ᠤᠯᠥᠰ ᠤᠨ ᠭᠤᠤᠯᠳᠠᠯᠭ᠎ᠠ ᠲᠠᠢ ᠤᠢ ᠰᠢᠭᠤᠢ ᠶᠢᠨ ᠳᠦᠰᠦᠯ ᠤᠨ ᠭᠡᠷᠡᠭᠵᠢᠬᠦᠯᠥᠯᠳᠡ᠂ ᠤᠯᠥᠰ ᠤᠨ ᠨᠦᠬᠡᠴᠡ ᠤᠢ ᠰᠢᠭᠤᠢ ᠶᠢᠨ ᠪᠦᠳᠦᠬᠡᠡ ᠪᠠᠶᠢᠭᠤᠯᠤᠯᠳᠠ᠂ ᠤᠢᠢᠳᠤ ᠭᠠᠵᠠᠷ ᠤᠨ ᠡᠬᠢ ᠪᠠᠶᠠᠯᠢᠬ ᠢ ᠳᠤᠬᠢᠷᠠᠭᠤᠯᠬᠤ ᠵᠡᠷᠬᠡ ᠳᠡᠯ᠎ᠠ ᠶᠢᠨ ᠠᠵᠢᠯ ᠢ ᠪᠦᠬᠦ ᠬᠦᠴᠦᠡ ᠢᠶᠠᠷ ᠢᠶᠠᠨ ᠳᠡᠮᠵᠢᠵᠦ᠂ ᠶᠠᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠠ ᠤ ᠵᠤᠷᠢᠬ ᠰᠠᠨᠠᠭ᠎ᠠ ᠶᠢ ᠬᠠᠮᠳᠦᠪᠠᠷ ᠰᠠᠶᠢᠳᠦᠷ ᠨᠠᠶᠢᠳᠠᠪᠤᠷᠢᠵᠢᠭᠤᠯᠤᠨ᠎ᠠ ᠬᠡᠵᠡᠢ᠃

    ᠯᠢᠩ ᠴᠧᠩ ᠰᠢᠩ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠤᠯᠠᠨ ᠵᠢᠯ ᠤᠨ ᠲᠤᠷᠰᠢ ᠨᠠᠪᠴᠢᠨ ᠲᠠᠮᠠᠬᠢ ᠶᠢᠨ ᠠᠵᠢᠯ ᠳᠤ ᠦᠭᠬᠦᠭᠰᠡᠨ ᠬᠠᠯᠠᠮᠵᠢᠯᠠᠯ ᠲᠡᠮᠵᠢᠯᠬᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠶᠢᠨ ᠬᠢᠨ ᠦᠪᠤᠷ ᠮᠤᠩᠭᠤᠯ ᠤᠨ ᠨᠠᠪᠴᠢᠨ ᠲᠠᠮᠠᠬᠢ ᠶᠢᠨ ᠤᠢᠢᠯᠡᠰ ᠤᠨ ᠬᠦᠭᠵᠢᠯᠳᠠ ᠶᠢ ᠦᠷᠬᠦᠯᠵᠢᠯᠠᠨ ᠲᠡᠮᠵᠢᠵᠤ᠂ ᠦᠪᠤᠷ ᠮᠤᠩᠭᠤᠯ ᠤᠨ ᠲᠤᠷᠠᠳᠤᠨ ᠭᠠᠷᠭᠠᠬᠰᠠᠨ ᠠᠵᠤ ᠤᠢᠢᠯᠡᠰ ᠤᠨ ᠬᠦᠭᠵᠢᠯᠳᠠ ᠶᠢᠨ ᠲᠠᠶᠢᠴᠢᠯᠠᠨ ᠵᠢᠯᠤᠭᠤᠳᠬᠤ ᠰᠠᠭᠤᠷᠢ ᠮᠦᠩᠬᠦ ᠶᠢ ᠬᠠᠮᠳᠤᠷᠠᠨ ᠪᠠᠶᠢᠭᠤᠯᠬᠤ ᠵᠡᠷᠬᠡ ᠠᠰᠠᠭᠤᠳᠠᠯ ᠢ ᠴᠠᠬ ᠲᠤᠬᠠᠢ ᠳᠤᠨᠢ ᠰᠤᠳᠤᠯᠤᠨ ᠰᠢᠢᠳᠪᠤᠷᠢᠯᠠᠵᠤ᠂ ᠦᠪᠤᠷ ᠮᠤᠩᠭᠤᠯ ᠢ ᠢᠳᠡᠪᠬᠢᠳᠠᠢ ᠳᠤᠰᠠᠯᠠᠨ ᠲᠡᠮᠵᠢᠵᠤ ᠪᠠᠶᠢᠭᠠᠳ ᠨᠠᠪᠴᠢᠨ ᠲᠠᠮᠠᠬᠢ ᠶᠢᠨ ᠤᠢᠢᠯᠡᠳᠪᠤᠷᠢᠯᠠᠯ ᠢ ᠨᠢ ᠴᠢᠨᠠᠬᠰᠢᠳᠠ ᠪᠠᠳᠤᠳᠬᠠᠨ ᠲᠤᠭᠳᠠᠪᠤᠷᠢᠵᠢᠭᠤᠯᠵᠤ᠂ ᠨᠠᠪᠴᠢᠨ ᠲᠠᠮᠠᠬᠢ ᠶᠢᠨ ᠲᠦᠷᠦᠯ ᠲᠡᠮᠳᠡᠭ ᠢ ᠨᠢ ᠪᠡᠶᠡᠯᠢᠬᠵᠢᠭᠤᠯᠤᠨ ᠬᠦᠭᠵᠢᠬᠦᠯᠵᠤ᠂ ᠨᠠᠪᠴᠢᠨ ᠲᠠᠮᠠᠬᠢ ᠶᠢᠨ ᠡᠵᠡᠩᠨᠡᠯᠳᠠ ᠶᠢᠨ ᠲᠦᠪᠰᠢᠨ ᠢ ᠨᠢ ᠲᠡᠭᠡᠭᠰᠢᠯᠡᠬᠦᠯᠵᠤ᠂ ᠬᠠᠮᠳᠤᠷᠠᠨ ᠠᠵᠢᠯᠯᠠᠬᠤ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠦᠪᠤᠷ ᠮᠤᠩᠭᠤᠯ ᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠠ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠤᠨ᠎ᠠ ᠬᠡᠪᠡ᠃

    ᠯᠢ ᠵᠢᠢ ᠡᡁᠧᠩ ᠶᠠᠷᠢᠯᠴᠠᠬᠤ ᠬᠤᠷᠠᠯ ᠲᠡᠭᠡᠷ᠎ᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠢ ᠲᠦᠯᠤᠬᠡᠯᠠᠨ ᠤᠯᠤᠰ ᠤᠨ ᠤᠢ ᠰᠢᠭᠤᠢ ᠶᠢᠨ ᠲᠤᠪᠴᠢᠶ᠎ᠠ ᠪᠠ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠶᠢᠨ ᠬᠢᠨ ᠤ ᠤᠷᠳᠤ ᠬᠤᠭᠤᠴᠠᠭᠠᠨ ᠤ ᠲᠤᠷᠰᠢ ᠦᠪᠦᠷ ᠮᠤᠩᠭᠤᠯ ᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠠ ᠶᠢ ᠲᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠦᠪᠤᠷ ᠮᠤᠩᠭᠤᠯ ᠪᠤᠯ ᠡᠬᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ᠂ ᠤᠯᠤᠰ ᠲᠠᠶᠠᠭᠠᠷ ᠤᠨ ᠤᠢ ᠰᠢᠭᠤᠢ ᠶᠢᠨ ᠡᠬᠢ ᠪᠠᠶᠠᠯᠢᠬ ᠤᠨ ᠶᠡᠭᠡ ᠤᠷᠤᠨ᠂ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠶᠢᠨ ᠶᠡᠭᠡ ᠤᠷᠤᠨ ᠪᠤᠯᠤᠨ᠎ᠠ᠃ ᠤᠯᠤᠰ ᠤᠨ ᠤᠢ ᠰᠢᠭᠤᠢ ᠶᠢᠨ ᠲᠤᠪᠴᠢᠶ᠎ᠡ ᠠᠴᠠ ᠤᠯᠤᠰ ᠤᠨ ᠦᠮᠴᠢᠯᠡᠯ ᠤᠨ ᠰᠢᠭᠤᠢᠢᠳᠦ ᠤᠷᠤᠨ ᠤ ᠦᠭᠡᠷᠡᠴᠢᠯᠡᠯᠳᠡ᠂ ᠤᠢ ᠰᠢᠭᠤᠢ ᠶᠢᠨ ᠭᠤᠤᠯᠳᠠᠯᠭ᠎ᠠ ᠲᠠᠢ ᠢᠨᠵᠧᠨᠧᠷᠢᠩ᠂ ᠤᠢᠢᠳᠤ ᠭᠠᠵᠠᠷ ᠤᠨ ᠡᠬᠢ ᠪᠠᠶᠠᠯᠢᠭ ᠤᠨ ᠲᠤᠬᠢᠷᠠᠭᠤᠯᠤᠯᠳᠡ ᠵᠡᠷᠭᠡ ᠲᠠᠯ ᠎ᠡ ᠪᠠᠷ ᠨᠡᠩ ᠤᠯᠠᠨ ᠲᠡᠮᠵᠢᠯᠭᠡ ᠪᠡ ᠬᠠᠯᠠᠮᠵᠢᠯᠡᠯ ᠦᠵᠡᠬᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠡ ᠶᠠᠷᠢᠶᠡᠨ ᠤ ᠵᠤᠷᠢᠭ ᠰᠠᠨᠠᠭ᠎ᠠ ᠶᠢᠨ ᠦᠠᠳᠤᠰᠤᠯᠡᠨ ᠰᠤᠶᠤᠭᠠᠯᠠᠵᠤ ᠴᠡᠴᠡᠭᠯᠡᠨ ᠵᠢᠮᠢᠰᠯᠡᠭᠦ ᠶᠢ ᠬᠠᠮᠳᠤᠪᠡᠷ ᠠᠬᠢᠭᠤᠯᠵᠦ᠂ ᠮᠠᠨ ᠤ ᠤᠯᠤᠰ ᠤᠨ ᠤᠮᠠᠷᠠᠳᠤ ᠶᠢᠨ ᠴᠢᠬᠤᠯᠡ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠶᠢ ᠨᠡᠩ ᠰᠠᠶᠢᠳᠤᠷ ᠪᠠᠬᠢᠵᠢᠬᠦᠯᠵᠦ᠂ ᠦᠵᠡᠰᠭᠦᠯᠡᠩᠳᠦ ᠰᠠᠶᠢᠬᠠᠨ ᠬᠢᠬᠡᠳ ᠦᠷᠨᠢᠩᠬᠦᠢ ᠭᠦᠭᠵᠢᠯᠳᠡ ᠶᠢᠨ ᠬᠤᠤᠰ ᠠᠮᠵᠢᠯᠳᠠ ᠶᠢ ᠪᠡᠶᠡᠯᠡᠭᠦᠯᠭᠦ ᠶᠢ ᠭᠦᠰᠡᠵᠤ ᠪᠤᠢ᠃ ᠤᠯᠤᠰ ᠤᠨ ᠨᠡᠪᠴᠢᠨ ᠲᠠᠮᠡᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠡ ᠶᠢᠨ ᠬᠢᠨ ᠦᠪᠤᠷ ᠮᠤᠩᠭᠤᠯ ᠪᠡ ᠨᠠᠪᠴᠢᠨ ᠲᠠᠮᠠᠬᠢ ᠶᠢᠨ ᠶᠡᠷᠦᠩᠭᠡᠢ ᠺᠤᠮᠫᠠᠨᠢ ᠯᠤᠭ᠎ᠠ ᠶᠢᠨ ᠬᠠᠮᠳᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠤ᠂ ᠦᠪᠤᠷ ᠮᠤᠩᠭᠤᠯ ᠤᠨ ᠨᠠᠪᠴᠢᠨ ᠲᠠᠮᠠᠬᠢ ᠦᠢᠯᠡᠳᠪᠦᠷᠢᠯᠡᠬᠦ ᠠᠵᠤ ᠠᠬᠤᠢᠢᠯᠠᠯ ᠤᠨ ᠭᠦᠭᠵᠢᠯᠳᠡ ᠶᠢ ᠲᠡᠮᠵᠢᠭᠦ ᠵᠡᠷᠭᠡ ᠲᠠᠯ᠎ᠡ ᠪᠠᠷ ᠨᠡᠩ ᠤᠯᠠᠨ ᠲᠡᠮᠵᠢᠯᠭᠡ ᠪᠡ ᠬᠠᠪᠰᠤᠷᠤᠯᠭ᠎ᠠ ᠦᠭᠭᠦ ᠶᠢ ᠭᠦᠰᠡᠵᠤ ᠪᠠᠶᠢᠨ᠎ᠠ ᠭᠡᠪᠡ᠃

    ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠲᠡᠳ᠋ ᠲᠠᠷᠤᠭ᠎ᠠ ᠵᠠᠩ ᠶᠦᠩ ᠯᠢ᠂ ᠯᠢ ᠱᠦ ᠮᠢᠩ ᠵᠢᠴᠢ ᠨᠠᠮ ᠤᠨ ᠤᠳᠤᠷᠢᠳᠬᠤ ᠲᠤᠭᠤᠢᠢᠯᠠᠨᠩ ᠤᠨ ᠪᠦᠷᠢᠯᠳᠦᠭᠦᠨ ᠲᠠᠨ ᠭᠤᠸᠠᠩ ᠮᠢᠩ᠂ ᠶᠡᠷᠦᠩᠬᠡᠢ ᠢᠨᠵᠧᠨᠧᠷ ᠹᠧᠩ ᠵᠢᠶᠡ ᠫᠢᠩ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠡ ᠶᠢᠨ ᠲᠡᠳ᠋ ᠲᠠᠷᠤᠭ᠎ᠠ ᠵᠤᠤ ᠬᠤᠩ ᠱᠦᠨ᠂ ᠰᠢᠤᠢ ᠸᠠᠩ ᠶᠢᠩ᠂ ᠳ᠋ᠤᠸᠠᠨ ᠲᠢᠶᠧ ᠯᠢ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠹᠦ᠋ ᠲᠠᠢ ᠽᠧᠩ᠂ ᠸᠠᠩ ᠢᠤᠢ ᠮᠢᠩ᠂ ᠸᠠᠩ ᠪᠦᠸᠧ ᠲᠤᠰᠪᠦᠷᠢ ᠶᠠᠷᠢᠯᠴᠠᠬᠤ ᠬᠤᠷᠠᠯ ᠳᠤ ᠤᠷᠤᠯᠴᠡᠪᠡ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119781842