蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠳᠤ 200 ᠭᠠᠷᠤᠢ ᠬᠤᠨ ᠬᠤᠯᠠᠭᠠᠢ ᠠᠪᠠᠴᠢᠨ ᠤ ᠭᠠᠷ ᠲᠤ ᠰᠦᠢᠳᠦᠵᠡᠢ

2016-10-26 16:17

    ᠰᠢᠨᠬᠤᠧᠠ ᠬᠤᠷᠢᠶ᠎ᠠ   ᠬᠦᠬᠡᠬᠤᠳᠠ ᠶᠢᠨ 10 ᠰᠠᠷ᠎ᠠ ᠶᠢᠨ 25 ᠤ ᠡᠳᠦᠷ ᠤᠨ ᠰᠢᠨ᠎ᠡ ᠮᠡᠳᠡᠬᠡᠯᠡᠯ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠢᠤᠢ ᠵᠢᠶᠠ) ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠵᠢᠭᠠᠰᠤᠳᠠᠢ ᠰᠤᠮᠤᠨ ᠤ ᠬᠤᠨᠳᠤ ᠨᠠᠭᠤᠷ ᠤᠨ 200 ᠭᠠᠷᠤᠢ ᠬᠤᠨ ᠨᠡᠬᠦᠳᠡᠯ ᠤᠨ ᠶᠠᠪᠤᠴᠠ ᠳᠤ ᠪᠡᠨ ᠵᠠᠯᠭᠠᠪᠠᠷ ᠦᠬᠦᠭᠰᠡᠨ ᠤᠴᠢᠷ ᠤᠨ ᠳᠤᠳᠤᠯᠠᠯᠳᠠ ᠰᠢᠨ᠎ᠡ ᠠᠬᠢᠴᠠ ᠲᠠᠢ ᠪᠤᠯᠪᠠ᠃

    ᠰᠤᠷᠪᠤᠯᠵᠢᠯᠠᠭᠴᠢ 25 ᠤ ᠤᠷᠤᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠡᠪᠯᠡᠯ ᠮᠡᠳᠡᠬᠡᠯᠡᠯ ᠤᠨ ᠠᠯᠪᠠᠨ ᠡᠴᠡ ᠤᠶᠢᠯᠠᠭᠠᠭᠰᠠᠨ ᠢᠶᠡᠷ᠂ ᠦᠪᠦᠷ ᠮᠤᠩᠭᠤᠯ ᠤᠨ ᠮᠡᠷᠬᠡᠵᠢᠯ ᠤᠨ ᠬᠢᠨᠠᠨ ᠰᠢᠯᠭᠠᠯᠳᠠ ᠶᠢᠨ ᠠᠯᠪᠠᠨ ᠤ ᠳᠤᠳᠤᠯᠠᠭᠰᠠᠨ ᠢᠶᠡᠷ ᠡᠳᠡᠬᠡᠷ ᠬᠤᠨ ᠨᠤᠭᠤᠳ ᠵᠢᠬᠦᠷᠳᠡᠨ ᠤ ᠬᠢᠵᠢᠭ᠌ ᠲᠤ ᠤᠨᠤᠭᠳᠠᠭᠰᠠᠨ ᠪᠢᠰᠢ᠂ ᠬᠠᠷᠢᠨ ᠬᠦᠮᠦᠰ ᠬᠤᠯᠠᠭᠠᠢ ᠪᠡᠷ ᠬᠤᠤᠷ ᠳᠠᠯᠪᠢᠵᠤ ᠬᠠᠤᠯᠢ ᠪᠤᠰᠤ ᠪᠡᠷ ᠠᠩᠨᠠᠭᠰᠠᠨ ᠡᠷᠡᠬᠦᠦ ᠶᠢᠨ ᠬᠡᠷᠡᠭ ᠪᠤᠯᠤᠨ᠎ᠠ᠃ ᠨᠡᠶᠢᠳᠡ 259 ᠬᠤᠨ ᠪᠠᠶᠢᠭᠰᠠᠨ ᠤ ᠳᠤᠳᠤᠷ᠎ᠠ 233 ᠪᠢᠴᠢᠬᠠᠨ ᠬᠤᠨ᠂ 26 ᠨᠤᠭᠤᠭᠠᠨ ᠳᠤᠯᠤᠭᠠᠶᠢᠳᠤ ᠨᠤᠭᠤᠰᠤ ᠪᠠᠭᠳᠠᠯᠴᠠᠵᠠᠢ᠃

    ᠤᠳᠤᠬᠠᠨ ᠳᠤ ᠰᠢᠯᠢ ᠶᠢᠨ ᠭᠤᠤᠯ ᠠᠶᠢᠮᠠᠭ ᠨᠢ ᠳᠤᠳᠤᠭᠠᠳᠤ ᠶᠢ ᠬᠠᠮᠠᠭᠠᠯᠠᠬᠤ ᠠᠵᠢᠯ ᠢ ᠬᠤᠪᠢᠶᠠᠷᠯᠠᠨ ᠬᠠᠷᠢᠭᠤᠴᠠᠳᠠᠭ ᠠᠶᠢᠮᠠᠭ ᠤᠨ ᠳᠡᠳ᠋ ᠳᠠᠷᠤᠭ᠎ᠠ ᠪᠡᠷ ᠳᠤᠯᠤᠭᠠᠶᠢᠯᠠᠭᠤᠯᠤᠭᠰᠠᠨ ᠳᠤᠰᠬᠠᠢ ᠬᠡᠷᠡᠭ ᠤᠨ ᠠᠵᠢᠯᠯᠠᠬᠤ ᠪᠠᠭ ᠪᠠᠶᠢᠭᠤᠯᠵᠤ᠂ ᠬᠡᠷᠡᠭ ᠢ ᠤᠯᠠᠮ ᠨᠢᠬᠡ ᠠᠯᠬᠤᠮ ᠪᠠᠶᠢᠴᠠᠭᠠᠨ ᠳᠤᠳᠤᠯᠠᠵᠤ ᠪᠤᠢ᠃ ᠡᠬᠦᠨ ᠤ ᠵᠡᠷᠬᠡᠴᠡᠬᠡ᠂ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠬᠢᠬᠡᠳ ᠬᠠᠮᠢᠶᠠᠳᠠᠢ ᠪᠠᠶᠢᠭᠤᠯᠭ᠎ᠠ ᠨᠢᠬᠡᠴᠡ ᠨᠢ ᠭᠠᠵᠠᠷ ᠳᠡᠬᠡᠷᠡᠬᠢ ᠬᠠᠮᠢᠶᠠᠷᠤᠯᠳᠠ ᠶᠢ ᠴᠢᠩᠭᠠᠳᠬᠠᠵᠤ᠂ ᠬᠤᠨ ᠤ ᠰᠡᠭ ᠢ ᠰᠢᠶ᠋ᠳᠪᠦᠷᠢᠯᠡᠬᠦ᠂ ᠠᠮᠢ ᠠᠬᠤᠢ ᠪᠠᠶᠢᠭᠠᠯᠢ ᠤᠷᠴᠢᠨ ᠤ ᠬᠢᠨᠠᠨ ᠬᠠᠮᠢᠶᠠᠷᠤᠯᠳᠠ ᠪᠡᠨ ᠴᠢᠩᠭᠠᠳᠬᠠᠬᠤ ᠵᠡᠷᠬᠡ ᠠᠵᠢᠯ ᠢ ᠡᠷᠴᠢᠮᠵᠢᠬᠦᠯᠦᠨ ᠦᠷᠬᠦᠯᠵᠢᠯᠡᠨ ᠡᠶᠢᠮᠦᠷᠬᠦ ᠬᠡᠷᠡᠭ ᠡᠬᠦᠰᠬᠦ ᠶᠢ ᠰᠡᠷᠬᠡᠶᠢᠯᠡᠵᠤ ᠪᠠᠶᠢᠨ᠎ᠠ᠃ ᠮᠦᠨ ᠳᠤᠬᠠᠢ ᠶᠢᠨ ᠭᠠᠵᠠᠷ ᠤᠨ ᠢᠳᠡᠬᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠳᠠ᠂ ᠦᠢᠯᠡᠳᠪᠦᠷᠢ ᠬᠤᠳᠠᠯᠳᠤᠭ᠎ᠠ᠂ ᠤᠢ ᠶᠢᠨ ᠠᠵᠤ ᠦᠢᠯᠡᠳᠪᠦᠷᠢ᠂ ᠤᠢ ᠰᠢᠭᠤᠢ ᠶᠢᠨ ᠴᠠᠭᠳᠠᠭ᠎ᠠ ᠵᠡᠷᠬᠡ ᠪᠠᠶᠢᠭᠤᠯᠭ᠎ᠠ ᠨᠢ ᠬᠤᠭᠤᠯᠠ ᠤᠮᠳᠠ᠂ ᠵᠠᠬ᠎ᠠ ᠵᠡᠬᠡᠯᠢ ᠳᠤ ᠬᠠᠮᠳᠤᠷᠠᠭᠰᠠᠨ ᠬᠢᠨᠠᠨ ᠰᠢᠯᠭᠠᠯᠳᠠ ᠬᠢᠵᠤ᠂ ᠬᠡᠬᠡᠷ᠎ᠡ ᠶᠢᠨ ᠠᠮᠢᠳᠠᠨ ᠵᠢᠴᠢ ᠳᠡᠬᠦᠨ ᠤ ᠪᠦᠳᠦᠬᠡᠭᠳᠡᠬᠦᠨ ᠢ ᠬᠠᠤᠯᠢ ᠪᠤᠰᠤ ᠪᠡᠷ ᠬᠤᠳᠠᠯᠳᠤᠭᠠᠯᠠᠬᠤ ᠠᠵᠢᠯᠯᠠᠭ᠎ᠠ ᠶᠢ ᠴᠢᠩᠭ᠎ᠠ ᠰᠢᠶ᠋ᠳᠪᠦᠷᠢᠯᠡᠬᠦ ᠪᠡᠷ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119792938