蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ 2000 ᠭᠠᠷᠤᠢ ᠡᠷᠭᠡ ᠳᠤ ᠬᠠᠯᠳᠠᠵᠦ ᠬᠠᠭᠤᠷᠮᠠᠭ ᠲᠠᠸᠠᠷ ᠦᠢᠯᠡᠳᠪᠤᠷᠢᠯᠡᠭᠰᠡᠨ ᠭᠡᠷᠡᠭ ᠢ ᠪᠠᠶᠢᠴᠠᠭᠠᠨ ᠰᠢᠢᠳᠪᠤᠷᠢᠯᠡᠵᠡᠢ

2016-10-31 12:36

    ᠰᠢᠨᠬᠤᠧᠠ ᠬᠤᠷᠢᠶ᠎ᠠ   ᠬᠦᠬᠡᠬᠤᠳᠠ ᠶᠢᠨ 10 ᠰᠠᠷ᠎ᠠ ᠶᠢᠨ 29 ᠤ᠋ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠳᠠᠷᠬᠠᠨ᠂ ᠳ᠋ᠦᠩ ᠯᠦ) ᠰᠤᠷᠪᠤᠯᠵᠢᠯᠠᠭᠴᠢ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠤᠢᠢᠯᠠᠭᠠᠭᠰᠠᠨ ᠢᠶᠠᠷ᠂ ᠡᠨᠡ ᠵᠢᠯ ᠤᠨ ᠲᠦᠷᠦᠬᠦᠦ ᠭᠤᠷᠪᠡᠨ ᠤᠯᠠᠷᠢᠯ ᠳᠤ᠂ ᠦᠪᠦᠷ ᠮᠤᠩᠭᠤᠯ ᠤᠨ ᠡᠷᠭᠡ ᠳᠤ ᠬᠠᠯᠳᠠᠵᠦ ᠬᠠᠭᠤᠷᠮᠠᠭ ᠲᠠᠸᠠᠷ ᠦᠢᠯᠡᠳᠪᠤᠷᠢᠯᠡᠭᠰᠡᠨ ᠠᠵᠢᠯᠯᠠᠭ᠎ᠠ ᠳᠤ ᠴᠤᠬᠢᠯᠳᠠ ᠦᠭᠬᠦ ᠠᠵᠢᠯ ᠤᠨ ᠦᠷ᠎ᠠ ᠪᠦᠳᠦᠮᠵᠢ ᠢᠯᠡᠷᠭᠡᠢ ᠰᠠᠶᠢᠨ ᠪᠠᠶᠢᠵᠦ᠂ ᠤᠷᠤᠨ ᠲᠠᠶᠠᠭᠠᠷ ᠤᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠭ᠎ᠠ ᠶᠢᠨ ᠬᠢᠨ 2184 ᠡᠷᠭᠡ ᠳᠤ ᠬᠠᠯᠳᠠᠵᠦ ᠬᠠᠭᠤᠷᠮᠠᠭ ᠲᠠᠸᠠᠷ ᠦᠢᠯᠡᠳᠪᠤᠷᠢᠯᠡᠭᠰᠡᠨ ᠶᠠᠯᠠᠳᠤ ᠭᠡᠷᠡᠭ ᠢ ᠪᠠᠶᠢᠴᠠᠭᠠᠨ ᠰᠢᠢᠳᠪᠤᠷᠢᠯᠡᠵᠠᠢ᠃ ᠡᠬᠦᠨ ᠳᠤ 2611 ᠭᠡᠷᠡᠭ ᠢ ᠰᠢᠳᠭᠡᠨ ᠳᠠᠭᠤᠰᠪᠠ᠂ ᠭᠡᠷᠡᠭ ᠲᠤ ᠬᠤᠯᠪᠤᠭᠳᠠᠭᠰᠠᠨ ᠮᠦᠩᠬᠦ 861.97 ᠲᠦᠮᠡᠨ ᠲᠦᠬᠦᠷᠢᠭ ᠲᠤ ᠬᠦᠷᠴᠠᠢ; ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ 59 ᠭᠡᠷᠡᠭ ᠢ ᠢᠯᠡᠷᠡᠬᠦᠯᠵᠤ᠂ ᠭᠡᠷᠡᠭ ᠲᠤ ᠬᠤᠯᠪᠤᠭᠳᠠᠭᠰᠠᠨ ᠮᠦᠩᠬᠦ 1183.92 ᠲᠦᠮᠡᠨ ᠲᠦᠬᠦᠷᠢᠭ ᠲᠤ ᠬᠦᠷᠴᠠᠢ᠂ ᠪᠦᠬᠦᠶᠢᠯᠡ ᠭᠡᠷᠡᠭ ᠲᠤ ᠬᠤᠯᠪᠤᠭᠳᠠᠭᠰᠠᠨ ᠮᠦᠩᠬᠦᠨ ᠤ ᠨᠡᠶᠢᠳᠡ ᠲᠤᠭ᠎ᠠ 2000 ᠭᠠᠷᠤᠢ ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119820084