蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠯᠠᠩ ᠴᠤᠤ ᠪᠦᠯᠦᠭᠯᠡᠯ ᠤᠨ ᠭᠡᠷᠡᠭ ᠮᠡᠳᠡᠭᠴᠢᠳ ᠤᠨ ᠳᠠᠷᠤᠭ᠎ᠠ ᠰᠦᠨ ᠫᠢ ᠱᠦ ᠲᠠᠢ ᠠᠭᠤᠯᠵᠠᠪᠠ

2016-10-31 12:48

10 ᠰᠠᠷ᠎ᠠ ᠶᠢᠨ 30 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ(ᠪᠠᠷᠠᠭᠤᠨᠳᠡᠬᠢ) ᠬᠦᠬᠡᠬᠤᠳᠠ ᠳᠤ ᠯᠠᠩ ᠴᠤᠤ ᠪᠦᠯᠦᠭᠯᠡᠯ ᠤᠨ ᠭᠡᠷᠡᠭ ᠮᠡᠳᠡᠭᠴᠢᠳ ᠤᠨ ᠳᠠᠷᠤᠭ᠎ᠠ ᠰᠦᠨ ᠫᠢ ᠱᠦ ᠨᠠᠷ ᠲᠠᠢ ᠠᠭᠤᠯᠵᠠᠪᠠ᠃ (ᠵᠢᠷᠤᠭ ᠢ ᠰᠤᠷᠪᠤᠯᠵᠢᠯᠠᠭᠴᠢ ᠶᠤᠸᠠᠨ ᠶᠦᠩ ᠬᠤᠩ)

    10 ᠰᠠᠷ᠎ᠠ ᠶᠢᠨ 30 ᠤ ᠡᠳᠦᠷ᠂ ᠯᠢ ᠵᠢᠢ ᠾᠧᠩ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠡ ᠶᠢᠨ ᠡᠮᠦᠨ᠎ᠠ ᠠᠴᠠ ᠰᠦᠨ ᠫᠢ ᠱᠦ ᠨᠠᠷ ᠢ ᠪᠠᠶᠠᠷᠯᠠᠨ ᠤᠭᠳᠤᠵᠦ ᠪᠠᠶᠢᠬᠤ ᠪᠠᠨ ᠢᠯᠡᠳᠬᠡᠵᠤ᠂ ᠯᠠᠩ ᠴᠤᠤ ᠪᠦᠯᠦᠭᠯᠡᠯ ᠤᠨ ᠬᠦᠭᠵᠢᠯᠳᠠ ᠶᠢᠨ ᠠᠮᠵᠢᠯᠳᠠ ᠪᠦᠳᠦᠮᠵᠢ ᠳᠤ ᠪᠠᠶᠠᠷ ᠬᠦᠷᠭᠡᠨ᠂ ᠯᠠᠩ ᠴᠤᠤ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠥᠪᠦᠷ ᠮᠤᠩᠭᠤᠯ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠳᠤ ᠦᠵᠡᠬᠦᠯᠦᠭᠰᠡᠨ ᠬᠤᠪᠢ ᠨᠡᠮᠡᠷᠢ ᠳᠤ ᠲᠠᠯᠠᠷᠬᠠᠵᠦ ᠪᠠᠶᠢᠬᠤ ᠪᠠᠨ ᠢᠯᠡᠳᠭᠡᠵᠡᠢ᠃ ᠲᠡᠷᠡ᠂ ᠥᠪᠦᠷ ᠮᠤᠩᠭᠤᠯ ᠤᠨ ᠨᠤᠳᠤᠭ ᠳᠡᠪᠢᠰᠬᠡᠷ ᠦᠷᠬᠡᠨ ᠠᠭᠤᠳᠠᠮ᠂ ᠡᠬᠢ ᠪᠠᠶᠠᠯᠢᠭ ᠡᠯᠪᠡᠭ᠂ ᠪᠦᠰᠡ ᠨᠤᠳᠤᠭ ᠤᠨ ᠦᠪᠡᠷᠮᠢᠴᠡ ᠤᠨᠴᠠᠯᠢᠭ ᠲᠠᠢ᠂ ᠦᠨᠳᠦᠰᠦᠳᠡᠨ ᠨᠤᠬᠦᠳ ᠪᠦᠯᠬᠦᠮᠳᠡᠭᠰᠡᠨ᠂ ᠬᠦᠭᠵᠢᠯᠳᠠ ᠶᠢᠨ ᠪᠠᠶᠢᠳᠠᠯ ᠰᠠᠶᠢᠨ᠂ ᠪᠡᠯᠡ ᠤᠷᠤᠭᠤᠯᠵᠦ ᠠᠵᠢᠯ ᠦᠢᠯᠡᠰ ᠢᠶᠠᠨ ᠬᠦᠭᠵᠢᠬᠦᠯᠬᠦ ᠰᠠᠶᠢᠬᠠᠨ ᠤᠷᠤᠨ ᠪᠤᠯᠤᠨ᠎ᠠ᠃ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠭᠡᠶᠢᠯᠡᠭᠰᠡᠨ ᠲᠤᠷᠰᠢᠯᠳᠠ ᠶᠢᠨ ᠤᠷᠤᠨ ᠪᠤᠯᠤᠭᠰᠠᠨ ᠤ ᠬᠤᠪᠢ ᠳᠤ᠂ ᠥᠪᠦᠷ ᠮᠤᠩᠭᠤᠯ ᠨᠢ ᠮᠡᠳᠡᠭᠡ ᠵᠠᠩᠬᠢ ᠶᠢᠨ ᠠᠵᠤ ᠦᠢᠯᠡᠰ᠂ ᠤᠨᠴᠠᠭᠠᠢᠢᠯᠠᠨ ᠲᠤᠮᠤ ᠳ᠋ᠠᠶᠢᠲ᠋ᠠ ᠶᠢᠨ ᠠᠵᠤ ᠦᠢᠯᠡᠰ ᠢ ᠬᠦᠭᠵᠢᠬᠦᠯᠬᠦ ᠲᠠᠯ᠎ᠠ ᠪᠠᠷ ᠦᠪᠡᠷᠮᠢᠴᠡ ᠤᠨᠴᠠᠯᠢᠭ ᠲᠠᠢ ᠪᠦᠭᠡᠳ ᠤᠷᠤᠯᠠᠭᠤᠯᠵᠦ ᠪᠤᠯᠤᠰᠢ ᠦᠭᠡᠢ ᠲᠠᠪᠠᠭᠤᠯᠢᠭ ᠲᠠᠢ ᠶᠤᠮ᠃ ᠰᠡᠬᠦᠯ ᠤᠨ ᠵᠢᠯ ᠤᠳ ᠲᠤ᠂ ᠥᠪᠦᠷ ᠮᠤᠩᠭᠤᠯ ᠢᠮᠠᠭᠳᠠ ᠮᠡᠳᠡᠭᠡ ᠵᠠᠩᠬᠢ ᠶᠢᠨ ᠠᠵᠤ ᠦᠢᠯᠡᠰ᠂ ᠤᠨᠴᠠᠭᠠᠢᠢᠯᠠᠨ ᠲᠤᠮᠤ ᠳ᠋ᠠᠶᠢᠲ᠋ᠠ ᠶᠢᠨ ᠠᠵᠤ ᠦᠢᠯᠡᠰ ᠢᠶᠠᠷ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠬᠦᠭᠵᠢᠬᠦᠯᠬᠦ ᠭᠤᠤᠯ ᠴᠢᠭᠯᠡᠯ᠂ ᠠᠵᠤ ᠦᠢᠯᠡᠰ ᠤᠨ ᠪᠦᠳᠦᠴᠡ ᠶᠢ ᠲᠤᠬᠢᠷᠠᠭᠤᠯᠬᠤ ᠴᠢᠬᠤᠯᠠ ᠠᠷᠭ᠎ᠠ ᠭᠡᠮᠵᠢᠶ᠎ᠠ ᠪᠠᠨ ᠪᠤᠯᠭᠠᠨ ᠬᠦᠴᠦ ᠪᠠᠨ ᠬᠠᠮᠳᠤᠳᠬᠠᠨ ᠬᠦᠭᠵᠢᠬᠦᠯᠵᠦ᠂ ᠪᠡᠷᠭᠡ ᠶᠢ ᠳᠠᠪᠠᠨ ᠤᠷᠤᠭᠰᠢᠯᠠᠵᠦ᠂ ᠤᠳᠤᠬᠠᠨ ᠳᠤ ᠠᠵᠤ ᠦᠢᠯᠡᠰ ᠨᠢ ᠠᠩᠬ᠎ᠠ ᠠᠯᠬᠤᠮ ᠤᠨ ᠬᠡᠪᠴᠢᠶ᠎ᠠ ᠲᠠᠢ ᠪᠤᠯᠵᠠᠢ᠃ ᠯᠠᠩ ᠴᠤᠤ ᠪᠦᠯᠦᠭᠯᠡᠯ ᠪᠤᠯ ᠮᠠᠨ ᠤ ᠤᠯᠤᠰ ᠤᠨ ᠮᠡᠳᠡᠭᠡ ᠵᠠᠩᠬᠢ ᠶᠢᠨ ᠠᠵᠤ ᠦᠢᠯᠡᠰ ᠤᠨ ᠲᠠᠭᠠᠭᠤᠯᠤᠭᠴᠢ ᠠᠵᠤ ᠠᠬᠤᠢᠢᠯᠠᠯ᠂ ᠲᠡᠷᠢᠬᠦᠨ ᠤ ᠮᠡᠷᠭᠡᠵᠢᠯ ᠲᠠᠢ᠂ ᠮᠠᠰᠢ ᠴᠢᠩᠭ᠎ᠠ ᠪᠤᠳᠠᠳᠤ ᠬᠦᠴᠦᠨ ᠲᠠᠢ ᠪᠤᠯᠬᠤᠷ ᠬᠤᠶᠠᠷ ᠲᠠᠯ᠎ᠠ ᠶᠢᠨ ᠬᠠᠮᠳᠤᠷᠠᠨ ᠠᠵᠢᠯᠯᠠᠬᠤ ᠤᠷᠤᠨ ᠵᠠᠢ ᠮᠠᠰᠢ ᠦᠷᠭᠡᠨ ᠪᠠᠶᠢᠨ᠎ᠠ᠃ ᠯᠠᠩ ᠴᠤᠤ ᠪᠦᠯᠦᠭᠯᠡᠯ ᠤᠨ ᠬᠢᠨ ᠪᠡᠯᠡ ᠤᠷᠤᠭᠤᠯᠤᠯᠳᠠ ᠶᠢᠨ ᠢᠳᠡᠭᠡᠯ ᠢᠶᠠᠨ ᠨᠡᠮᠡᠭᠳᠡᠬᠦᠯᠵᠦ᠂ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠨ ᠪᠦᠳᠦᠭᠡᠨ ᠪᠠᠶᠢᠭᠤᠯᠵᠦ ᠪᠠᠶᠢᠭ᠎ᠠ ᠳᠦᠰᠦᠯ ᠢᠶᠡᠨ ᠡᠷᠳᠡ ᠨᠢᠭᠡᠨ ᠡᠳᠦᠷ ᠠᠰᠢᠬᠯᠠᠯᠳᠠ ᠳᠤ ᠤᠷᠤᠭᠤᠯᠵᠦ᠂ ᠦᠷ᠎ᠠ ᠠᠰᠢᠭ ᠭᠠᠷᠭᠠᠬᠤ ᠶᠢ ᠬᠦᠰᠡᠨ᠎ᠠ᠃ ᠪᠢᠳᠡ ᠯᠠᠩ ᠴᠤᠤ ᠪᠦᠯᠦᠭᠯᠡᠯ ᠤᠨ ᠥᠪᠦᠷ ᠮᠤᠩᠭᠤᠯ ᠳᠠᠬᠢ ᠪᠡᠯᠡ ᠤᠷᠤᠭᠤᠯᠤᠯᠳᠠ ᠪᠠ ᠬᠦᠭᠵᠢᠯᠳᠠ ᠳᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠬᠦᠯᠬᠦ ᠶᠢᠨ ᠬᠠᠮᠳᠤ ᠴᠢᠨᠠᠷ ᠰᠠᠶᠢᠳᠠᠢ ᠪᠦᠳᠦᠮᠵᠢᠳᠠᠢ ᠦᠢᠯᠡᠴᠢᠯᠡᠭᠡ ᠬᠠᠩᠭᠠᠨ᠎ᠠ ᠭᠡᠪᠡ᠃

    ᠰᠦᠨ ᠫᠢ ᠱᠦ ᠦᠪᠤᠷ ᠮᠤᠩᠭᠤᠯ ᠤᠨ ᠤᠯᠠᠨ ᠵᠢᠯ ᠤᠨ ᠲᠤᠷᠰᠢ ᠯᠠᠩ ᠴᠤᠤ ᠪᠦᠯᠦᠭᠯᠡᠯ ᠳᠤ ᠲᠡᠮᠵᠢᠯᠭᠡ ᠦᠵᠡᠬᠦᠯᠦᠭᠰᠡᠬᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠦᠭᠡᠳ ᠯᠠᠩ ᠴᠤᠤ ᠪᠦᠯᠦᠭᠯᠡᠯ ᠤᠨ ᠢᠶᠠᠨ ᠦᠪᠤᠷ ᠮᠤᠩᠭᠤᠯ ᠳᠠᠬᠢ ᠲᠦᠯᠦᠪᠵᠢᠭᠦᠯᠭᠡ ᠪᠠ ᠭᠦᠭᠵᠢᠯᠳᠡ ᠶᠢᠨ ᠰᠡᠳᠬᠢᠴᠡ ᠪᠠᠨ ᠲᠠᠨᠢᠯᠴᠠᠭᠤᠯᠵᠠᠢ᠃ ᠲᠡᠷᠡ᠂ ᠯᠠᠩ ᠴᠤᠤ ᠪᠦᠯᠦᠭᠯᠡᠯ ᠦᠪᠡᠷ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠪᠤᠷ ᠮᠤᠩᠭᠤᠯ ᠤᠨ ᠮᠡᠳᠡᠭᠡ ᠵᠠᠩᠬᠢᠵᠢᠯᠳᠡ ᠶᠢᠨ ᠪᠠᠶᠢᠭᠤᠯᠤᠯᠳᠡ ᠳᠤ ᠢᠳᠡᠪᠬᠢᠳᠡᠢ ᠤᠷᠤᠯᠴᠠᠨ᠂ ᠦᠪᠤᠷ ᠮᠤᠩᠭᠤᠯ ᠳᠠᠬᠢ ᠪᠡᠯᠡ ᠤᠷᠤᠭᠤᠯᠬᠤ ᠡᠷᠴᠢᠮ ᠢᠶᠠᠨ ᠴᠢᠨᠠᠬᠰᠢᠳᠡ ᠴᠢᠩᠭᠠᠷᠠᠭᠤᠯᠵᠤ᠂ ᠤᠨᠴᠠᠭᠠᠢᠢᠯᠠᠨ ᠡᠭᠦᠯᠡᠨ ᠪᠤᠳᠤᠯᠳᠡ ᠪᠠ ᠲᠤᠮᠤ ᠳ᠋ᠠᠶᠢᠲ᠋ᠠ ᠶᠢᠨ ᠭᠡᠷᠡᠭᠯᠡᠭᠡᠨ ᠤ ᠭᠦᠷᠢᠶᠡᠨ ᠳᠤ ᠦᠪᠤᠷ ᠮᠤᠩᠭᠤᠯ ᠲᠠᠢ ᠬᠠᠮᠳᠤᠷᠠᠨ ᠠᠵᠢᠯᠯᠠᠬᠤ ᠲᠠᠯᠳᠡ ᠭᠦᠴᠤᠨ ᠢ ᠭᠦᠨᠵᠡᠬᠡᠢ ᠠᠭᠤᠳᠠᠯᠵᠦ᠂ ᠦᠪᠤᠷ ᠮᠤᠩᠭᠤᠯ ᠤᠨ ᠴᠠᠬᠢᠮ ᠮᠡᠳᠡᠭᠡ ᠵᠠᠩᠬᠢ ᠶᠢᠨ ᠠᠵᠤ ᠦᠢᠯᠡᠰ ᠤᠨ ᠭᠦᠭᠵᠢᠯᠳᠡ ᠪᠡ ᠠᠵᠤ ᠦᠢᠯᠡᠰ ᠤᠨ ᠵᠠᠭᠪᠤᠷ ᠢᠶᠡᠨ ᠦᠬᠡᠷᠡᠴᠢᠯᠡᠨ ᠵᠡᠷᠬᠡᠯᠡᠯ ᠲᠠᠪᠰᠢᠭᠦᠯᠬᠦ ᠳᠤ ᠢᠳᠡᠪᠬᠢᠳᠡᠢ ᠬᠤᠪᠢ ᠨᠡᠮᠡᠷᠢ ᠦᠵᠡᠬᠦᠯᠦᠨ᠎ᠠ ᠭᠡᠪᠡ᠃

    ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠹᠦ᠋ ᠲᠠᠢ ᠽᠧᠩ ᠨᠠᠷ ᠠᠭᠤᠯᠵᠠᠯᠳᠡ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119820110