蒙古文网站Logo
ᠰᠢᠨᠬᠤᠸᠠ ᠮᠤᠩᠭ᠋ᠤᠯ ᠨᠧᠲ

ᠢᠨᠲ᠋ᠧᠷᠨᠧᠲ ᠴᠠᠬᠢᠯᠭᠠᠨ ᠬᠤᠯᠪᠤᠭᠠᠨ ᠤ 102 ᠮᠡᠬᠡᠯᠡᠭᠴᠢ ᠶᠢ ᠦᠪᠦᠷ ᠮᠤᠩᠭᠤᠯ ᠳᠤ ᠪᠠᠷᠢᠵᠤ ᠠᠪᠴᠢᠷᠠᠪᠠ

2016-11-04 11:55

    ᠰᠢᠨᠬᠤᠧᠠ ᠨᠧᠲ   ᠬᠦᠬᠡᠬᠤᠳᠠ ᠶᠢᠨ 11 ᠰᠠᠷ᠎ᠠ ᠶᠢᠨ 4 ᠤ ᠡᠳᠦᠷ ᠤᠨ ᠴᠠᠬᠢᠯᠠᠭᠠᠨ ᠮᠡᠳᠡᠬᠡ (ᠶᠠᠩ ᠳᠡᠭᠷᠢ) ᠰᠢᠨᠬᠤᠧᠠ ᠨᠧᠲ ᠤᠨ ᠦᠪᠦᠷ ᠮᠤᠩᠭᠤᠯ ᠲᠡᠬᠢ ᠰᠠᠯᠪᠤᠷᠢ ᠶᠢᠨ 4 ᠤ ᠡᠳᠦᠷ ᠤᠷᠳᠤᠰ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠡᠴᠡ ᠤᠶᠢᠯᠠᠭᠠᠭᠰᠠᠨ ᠢᠶᠡᠷ᠂ ᠢᠨᠲ᠋ᠧᠷᠨᠧᠲ ᠴᠠᠬᠢᠯᠭᠠᠨ ᠬᠤᠯᠪᠤᠭᠠᠨ ᠤ ᠳᠤᠮᠤ ᠮᠡᠬᠡᠯᠡᠭᠴᠢ ᠶᠢᠨ ᠪᠠᠭ ᠤᠨ 102 ᠰᠡᠵᠢᠭᠳᠡᠨ ᠢ ᠬᠤᠪᠧᠢ ᠮᠤᠵᠢ ᠶᠢᠨ ᠦᠬᠠᠨ ᠬᠤᠳᠠ ᠡᠴᠡ ᠳᠤᠰᠬᠠᠢ ᠭᠠᠯᠳᠤ ᠳᠡᠷᠬᠡ ᠪᠡᠷ ᠦᠪᠦᠷ ᠮᠤᠩᠭᠤᠯ ᠤᠨ ᠪᠤᠭᠤᠳᠤ ᠬᠤᠳᠠ ᠳᠤ ᠪᠠᠷᠢᠵᠤ ᠠᠪᠴᠢᠷᠠᠪᠠ᠃ ᠢᠩᠬᠢᠭᠰᠡᠨ ᠢᠶᠡᠷ ᠦᠪᠦᠷ ᠮᠤᠩᠭᠤᠯ ᠤᠨ ᠤᠷᠳᠤᠰ ᠬᠤᠳᠠ ᠶᠢᠨ ᠳᠠᠯᠠᠳ ᠬᠤᠰᠢᠭᠤᠨ ᠤ 7.06 ᠤᠨᠴᠠ ᠶᠡᠬᠡ ᠴᠠᠬᠢᠯᠭᠠᠨ ᠬᠤᠯᠪᠤᠭᠠᠨ ᠤ ᠮᠡᠬᠡᠯᠡᠨ ᠯᠤᠪᠠᠶᠢᠷᠳᠠᠭᠰᠠᠨ ᠬᠡᠷᠡᠭ ᠢ ᠳᠠᠭᠤᠰᠬᠠᠭᠰᠠᠨ ᠪᠠᠶᠢᠨ᠎ᠠ᠃

    7 ᠰᠠᠷ᠎ᠠ ᠶᠢᠨ 6 ᠤ ᠡᠳᠦᠷ᠂ ᠦᠪᠦᠷ ᠮᠤᠩᠭᠤᠯ ᠤᠨ ᠤᠷᠳᠤᠰ ᠬᠤᠳᠠ ᠶᠢᠨ ᠳᠠᠯᠠᠳ ᠬᠤᠰᠢᠭᠤᠨ ᠤ ᠶᠠᠩ ᠤᠪᠤᠭᠳᠤ ᠸᠢᠴᠠᠲ ᠤᠨ ᠴᠤᠮᠤᠷᠯᠢᠭ ᠢᠶᠡᠷ ᠰᠠᠴᠤᠭᠳᠠᠭᠰᠠᠨ ᠡᠮ ᠤᠨ ᠵᠠᠷ ᠢᠶᠡᠷ ᠤᠯᠤᠰ ᠲᠠᠶᠠᠭᠠᠷ ᠤᠨ ᠡᠯ᠎ᠡ ᠭᠠᠵᠠᠷ ᠤᠨ ᠮᠠᠰᠢ ᠤᠯᠠᠨ ᠬᠦᠮᠦᠨ ᠮᠡᠬᠡᠯᠡᠭᠳᠡᠵᠤ ᠪᠠᠶᠢᠬᠤ ᠳᠤᠬᠠᠢ ᠬᠡᠷᠡᠭ ᠮᠡᠳᠡᠬᠦᠯᠵᠡᠢ᠃ ᠤᠷᠳᠤᠰ ᠬᠤᠳᠠ ᠶᠢᠨ ᠴᠠᠭᠳᠠᠭᠠᠨ ᠤ ᠳᠠᠯ᠎ᠠ ᠶᠢᠨ ᠬᠢᠨ 3 ᠰᠠᠷ᠎ᠠ ᠭᠠᠷᠤᠢ ᠶᠢᠨ ᠬᠤᠭᠤᠴᠠᠭᠠᠨ ᠳᠤ 140 ᠭᠠᠷᠤᠢ ᠴᠠᠭᠳᠠᠭ᠎ᠠ ᠶᠢ ᠵᠤᠬᠢᠶᠠᠨ ᠪᠠᠶᠢᠭᠤᠯᠤᠨ ᠪᠠᠶᠢᠴᠠᠭᠠᠭᠰᠠᠨ ᠢᠶᠡᠷ᠂ ᠮᠡᠬᠡᠯᠡᠭᠴᠢᠳ ᠤᠨ ᠡᠬᠦᠷ ᠢ ᠬᠤᠪᠧᠢ ᠮᠤᠵᠢ ᠶᠢᠨ ᠦᠬᠠᠨ ᠡᠴᠡ ᠢᠯᠡᠷᠡᠬᠦᠯᠵᠠᠢ᠃ 11 ᠰᠠᠷ᠎ᠠ ᠶᠢᠨ 2 ᠤᠨ ᠡᠳᠦᠷ ᠤᠨ 09᠄45 ᠴᠠᠭ ᠲᠤ ᠳᠤᠬᠠᠢ ᠶᠢᠨ ᠤᠷᠤᠨ ᠤ ᠴᠠᠭᠳᠠᠭᠠᠨ ᠤ ᠬᠢᠨ ᠲᠠᠢ ᠬᠠᠮᠵᠢᠯᠴᠠᠨ 107 ᠬᠦᠮᠦᠨ ᠢ ᠤᠯᠵᠠᠯᠠᠵᠤ᠂ 900 ᠭᠠᠷᠤᠢ ᠳᠦᠮᠡᠨ ᠳᠦᠬᠦᠷᠢᠭ ᠢ ᠴᠠᠷᠴᠠᠭᠠᠵᠤ᠂ 102 ᠬᠦᠮᠦᠨ ᠢ ᠡᠷᠡᠬᠦᠦ ᠶᠢᠨ ᠬᠠᠤᠯᠢ ᠪᠡᠷ ᠪᠠᠷᠢᠪᠴᠢᠯᠠᠵᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119850746