蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠲᠦᠪ ᠤᠨ ᠤᠬᠠᠭᠤᠯᠤᠨ ᠲᠠᠶᠢᠯᠪᠤᠷᠢᠯᠠᠬᠤ ᠪᠠᠭ ᠤᠨ ᠮᠦ ᠬᠤᠩ ᠨᠠᠷ ᠲᠠᠢ ᠠᠭᠤᠯᠵᠠᠵᠠᠢ

2016-11-09 09:48

    11 ᠰᠠᠷ᠎ᠠ ᠶᠢᠨ 7 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠬᠦᠬᠡᠬᠤᠲᠠ ᠳᠤ ᠦᠪᠦᠷ ᠮᠤᠩᠭᠤᠯ ᠳᠤ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠢᠷᠡᠭᠰᠡᠨ ᠲᠦᠪ ᠤᠨ ᠤᠬᠠᠭᠤᠯᠤᠨ ᠲᠠᠶᠢᠯᠪᠤᠷᠢᠯᠠᠬᠤ ᠪᠠᠭ ᠤᠨ ᠪᠦᠷᠢᠯᠳᠦᠭᠦᠨ᠂ ᠲᠦᠪ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠢᠢᠯᠠᠩ ᠤᠨ ᠪᠠᠶᠢᠩᠭᠤ ᠶᠢᠨ ᠳᠡᠳ᠋ ᠡᠷᠬᠢᠯᠡᠭᠴᠢ᠂ ᠤᠯᠤᠰ ᠤᠨ ᠬᠦᠭᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠮᠦ ᠬᠤᠩ ᠨᠠᠷ ᠲᠠᠢ ᠠᠭᠤᠯᠵᠠᠵᠠᠢ᠃

7 ᠤ ᠤᠷᠤᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠬᠦᠬᠡᠬᠤᠲᠠ ᠳᠤ ᠲᠦᠪ ᠤᠨ ᠤᠬᠠᠭᠤᠯᠤᠨ ᠲᠠᠶᠢᠯᠪᠤᠷᠢᠯᠠᠬᠤ ᠪᠠᠭ ᠤᠨ ᠮᠦ ᠬᠤᠩ(ᠵᠡᠭᠦᠨᠳᠡᠬᠢ)ᠨᠠᠷ ᠲᠠᠢ ᠠᠭᠤᠯᠵᠠᠪᠠ᠃ (ᠵᠢᠷᠤᠭ ᠢ ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ )

    ᠯᠢ ᠵᠢᠢ ᠾᠧᠩ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠠ ᠶᠢᠨ ᠡᠮᠦᠨ᠎ᠠ ᠠᠴᠠ ᠮᠦ ᠬᠤᠩ ᠨᠠᠷ ᠢ ᠪᠠᠶᠠᠷᠯᠠᠨ ᠤᠭᠳᠤᠵᠤ ᠪᠠᠶᠢᠬᠤ ᠪᠠᠨ ᠢᠯᠡᠳᠭᠡᠪᠠ᠃ ᠲᠡᠷᠡ᠂ ᠤᠳᠤᠬᠠᠨ ᠤ ᠦᠪᠦᠷ ᠮᠤᠩᠭᠤᠯ ᠤᠨ ᠬᠦᠭᠵᠢᠯᠲᠠ ᠲᠡᠤᠬᠡ ᠶᠢᠨ ᠰᠢᠨ᠎ᠠ ᠭᠠᠷᠤᠭ᠎ᠠ ᠳᠡᠭᠡᠷ᠎ᠠ ᠵᠤᠭᠰᠤᠵᠤ ᠪᠠᠶᠢᠨ᠎ᠠ᠂ ᠤᠷᠤᠨ ᠲᠠᠶᠠᠭᠠᠷ ᠤᠨ ᠨᠦᠭᠦᠳ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠲᠦᠷᠦ ᠶᠢ ᠵᠠᠰᠠᠵᠤ ᠵᠠᠰᠠᠭ ᠤᠨ ᠶᠠᠪᠤᠳᠠᠯ ᠢ ᠡᠷᠬᠢᠯᠡᠬᠦ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠵᠤ ᠪᠠᠶᠢᠨ᠎ᠠ᠂ ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠬᠢᠶᠠᠯ ᠢ ᠠᠮᠵᠢᠨ ᠠᠳᠬᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠳᠠᠪᠰᠢᠵᠤ᠂《ᠲᠠᠪᠤ ᠶᠢ ᠨᠢᠭᠡ ᠳᠤ ᠴᠤᠭᠴᠠᠵᠢᠭᠤᠯᠬᠤ》ᠶᠡᠷᠤᠩᠬᠡᠢ ᠪᠠᠶᠢᠷᠢᠰᠢᠯᠠᠭᠤᠯᠤᠯᠲᠠ ᠶᠢ ᠨᠢᠭᠡᠳᠦᠯᠲᠠᠢ ᠠᠬᠢᠭᠤᠯᠵᠤ᠂ 《ᠳᠦᠷᠪᠡᠨ ᠪᠦᠬᠦ ᠲᠠᠯ᠎ᠠ》 ᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ᠡᠳ᠋ ᠤᠨ ᠵᠠᠰᠠᠭ ᠨᠡᠶᠢᠭᠡᠮ ᠤᠨ ᠲᠤᠭᠳᠠᠭᠤᠨ ᠡᠷᠡᠭᠦᠯ ᠬᠦᠭᠵᠢᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠵᠤ᠂ ᠡᠬᠡ ᠤᠯᠤᠰ ᠤᠨ ᠤᠮᠠᠷᠠᠲᠦ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ ᠭᠡᠵᠠᠢ᠃

    ᠯᠢ ᠵᠢᠢ ᠾᠧᠩ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠤᠯ ᠮᠠᠨ ᠤ ᠤᠯᠤᠰ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠦᠢᠯᠡᠰ ᠤᠨ ᠰᠢᠢᠳᠪᠤᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠲᠤᠩ ᠴᠢᠬᠤᠯᠠ ᠬᠤᠷᠠᠯ ᠪᠤᠯᠤᠨ᠎ᠠ᠃ ᠪᠦᠬᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠤᠯ ᠪᠤᠯᠬᠤ ᠪᠠᠶᠢᠷᠢ ᠰᠠᠭᠤᠷᠢ ᠶᠢ ᠲᠤᠭᠲᠠᠭᠠᠵᠦ᠂ 《ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ》 ᠭᠡᠵᠦ ᠠᠯᠪᠠᠨ ᠶᠤᠰᠤᠭᠠᠷ ᠲᠤᠷᠠᠳᠴᠠᠢ᠂ ᠡᠨᠡ ᠪᠤᠯ ᠪᠦᠬᠦ ᠨᠠᠮ ᠤᠨ ᠰᠤᠩᠭᠤᠯᠲᠠ᠂ ᠲᠡᠤᠬᠡ ᠶᠢᠨ ᠰᠤᠩᠭᠤᠯᠲᠠ᠂ ᠠᠷᠠᠳ ᠲᠦᠮᠡᠨ ᠤ ᠰᠤᠩᠭᠤᠯᠲᠠ ᠮᠦᠨ᠂ ᠨᠠᠮ ᠤᠨ ᠬᠡᠷᠡᠭᠴᠡᠭᠡ᠂ ᠤᠯᠤᠰ ᠤᠨ ᠠᠵᠠ᠂ ᠠᠷᠠᠳ ᠤᠨ ᠪᠤᠶᠠᠨ ᠮᠦᠨ᠂ ᠡᠨᠡ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠬᠠᠮᠲᠦ ᠶᠢᠨ ᠬᠦᠰᠡᠯ ᠢ ᠲᠤᠰᠬᠠᠵᠠᠢ᠃ ᠪᠢᠳᠡ ᠤᠯᠤᠰ ᠲᠦᠷᠦ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ᠂ ᠨᠢᠭᠡᠳᠦᠯᠲᠠᠢ ᠪᠠᠶᠢᠬᠤ ᠤᠬᠠᠮᠰᠠᠷ ᠢᠶᠠᠨ ᠤᠯᠠᠮ ᠲᠡᠭᠡᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠭᠤᠤᠯ ᠪᠤᠯᠬᠤ ᠶᠢ ᠲᠡᠭᠡᠳᠦ ᠬᠡᠮᠵᠢᠶ᠎ᠡ ᠪᠠᠷ ᠮᠡᠳᠡᠷᠡᠵᠦ᠂ ᠤᠯᠤᠰ ᠲᠦᠷᠦ ᠶᠢᠨ ᠲᠠᠯ᠎ᠠ ᠪᠠᠷ ᠭᠤᠤᠯ ᠪᠤᠯᠬᠤ ᠶᠢ ᠡᠷᠡᠰ ᠬᠦᠷᠢᠶᠡᠯᠡᠵᠦ᠂ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠤᠬᠠᠮᠰᠠᠷ ᠠᠴᠠ ᠪᠠᠨ ᠭᠤᠤᠯ ᠪᠤᠯᠬᠤ ᠶᠢ ᠲᠠᠭᠠᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠭᠤᠤᠯ ᠪᠤᠯᠬᠤ ᠲᠠᠢ ᠨᠢᠭᠡᠳᠦᠯᠲᠠᠢ ᠪᠤᠯᠭᠠᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠢ ᠤᠯᠠᠮ ᠡᠷᠡᠰ ᠢᠶᠠᠷ ᠬᠠᠮᠠᠭᠠᠯᠠᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠡᠩ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶᠡᠨ ᠤ ᠨᠢᠭᠡᠳᠦᠯᠲᠠᠢ ᠪᠠᠶᠢᠵᠦ᠂ ᠨᠡᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠯᠠᠪᠳᠠᠭᠤᠨ ᠪᠠᠲᠤᠲᠠᠢ ᠪᠠᠷ ᠪᠤᠲᠠᠳᠠᠢ ᠨᠠᠶᠢᠳᠠᠪᠤᠷᠢᠵᠢᠭᠤᠯᠬᠤ ᠬᠡᠷᠡᠭᠲᠠᠢ᠃ ᠪᠢᠳᠡ ᠲᠤᠰ ᠤᠳᠠᠭᠠᠨ ᠤ ᠲᠦᠪ ᠤᠨ ᠤᠬᠠᠭᠤᠯᠤᠨ ᠲᠠᠶᠢᠯᠪᠦᠷᠢᠯᠠᠬᠤ ᠪᠠᠭ ᠤᠨ ᠤᠬᠠᠭᠤᠯᠤᠨ ᠲᠠᠶᠢᠯᠪᠦᠷᠢᠯᠠᠬᠤ ᠪᠠᠷ ᠳᠤᠬᠢᠶᠠᠯ ᠪᠤᠯᠭᠠᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠤᠷᠤᠨ ᠲᠠᠶᠠᠭᠠᠷ ᠤᠨ ᠨᠠᠮ ᠤᠨ ᠭᠡᠰᠢᠭᠦᠨ ᠺᠡᠳ᠋ᠷᠴᠤᠳ ᠦᠵᠡᠯ ᠰᠠᠨᠠᠭ᠎ᠠ ᠪᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠤᠷᠢᠭ ᠰᠠᠨᠠᠭᠠᠨ ᠲᠠᠢ ᠦᠨᠡᠨᠬᠦ ᠨᠢᠭᠡᠳᠭᠡᠬᠦ ᠶᠢ ᠬᠦᠳᠦᠯᠦᠨ ᠳᠠᠭᠠᠭᠤᠯᠵᠤ᠂ ᠬᠦᠴᠦᠨ ᠢᠶᠠᠨ ᠪᠦᠭᠦᠳᠡ ᠬᠤᠷᠠᠯ ᠠᠴᠠ ᠲᠤᠭᠳᠠᠭᠠᠭᠰᠠᠨ ᠡᠯ᠎ᠠ ᠵᠦᠢᠯ ᠤᠨ ᠡᠭᠦᠷᠭᠡ ᠳᠡᠭᠡᠷ᠎ᠡ ᠨᠢᠬᠳᠠᠷᠠᠭᠤᠯᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠦᠪᠤᠷ ᠮᠤᠩᠭᠤᠯ ᠳᠤ ᠦᠨᠳᠤᠰᠤ ᠬᠠᠳᠬᠤᠵᠤ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠭᠡᠷᠡᠭᠲᠠᠢ ᠭᠡᠵᠠᠢ᠃

    ᠮᠦ ᠬᠤᠩ ᠲᠦᠪ ᠤᠨ ᠤᠬᠠᠭᠤᠯᠤᠨ ᠲᠠᠶᠢᠯᠪᠦᠷᠢᠯᠠᠬᠤ ᠪᠠᠭ ᠤᠨ ᠬᠢᠨ ᠪᠦᠭᠦ ᠤᠯᠤᠰ ᠤᠨ ᠡᠯ᠎ᠡ ᠭᠠᠵᠠᠷ ᠲᠤ ᠬᠦᠷᠴᠤ ᠤᠬᠠᠭᠤᠯᠤᠨ ᠲᠠᠶᠢᠯᠪᠦᠷᠢᠯᠠᠵᠤ ᠪᠠᠶᠢᠭ᠎ᠠ ᠪᠠᠶᠢᠳᠠᠯ ᠢ ᠲᠠᠨᠢᠯᠴᠠᠭᠤᠯᠵᠠᠢ᠃ ᠲᠡᠷᠡ᠂ ᠤᠬᠠᠭᠤᠯᠤᠨ ᠲᠠᠶᠢᠯᠪᠦᠷᠢᠯᠠᠬᠤ ᠪᠠᠭ ᠤᠨ ᠪᠦᠷᠢᠯᠳᠦᠭᠦᠨ ᠪᠤᠯᠤᠬᠰᠡᠨ ᠤ ᠬᠤᠪᠢ ᠳᠤ᠂ ᠯᠠᠪᠳᠠᠭᠤᠨ ᠬᠢᠨᠠᠮᠠᠭᠠᠢ ᠪᠠᠷ ᠤᠬᠠᠭᠤᠯᠤᠨ ᠲᠠᠶᠢᠯᠪᠦᠷᠢᠯᠠᠬᠤ ᠠᠵᠢᠯ ᠢ ᠰᠠᠶᠢᠳᠤᠷ ᠬᠢᠵᠤ᠂ ᠦᠪᠦᠷ ᠮᠤᠩᠭᠤᠯ ᠤᠨ ᠬᠢᠨ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠭᠦᠴᠤ ᠪᠠᠨ ᠡᠷᠭᠦᠨ᠎ᠠ᠃ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠵᠦᠪ ᠤᠨᠤᠪᠴᠢᠲᠠᠢ ᠤᠳᠤᠷᠢᠳᠤᠯᠭ᠎ᠠ ᠲᠤᠤᠷ᠎ᠠ᠂ ᠤᠷᠤᠨ ᠲᠠᠶᠠᠭᠠᠷ ᠤᠨ ᠦᠨᠳᠤᠰᠤᠳᠡᠨ ᠨᠦᠭᠦᠳ ᠤᠨ ᠺᠡᠳ᠋ᠷ ᠤᠯᠠᠨ ᠲᠦᠮᠡᠨ ᠯᠠᠪᠳᠡᠶ᠎ᠡ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠡ ᠪᠠᠷ᠂ ᠵᠦᠪ ᠤᠨᠤᠪᠴᠢᠲᠠᠢ᠂ ᠭᠦᠨᠵᠡᠭᠡᠢ ᠰᠠᠶᠢᠲᠤᠷ ᠰᠤᠷᠤᠯᠴᠠᠨ ᠲᠤᠤᠱᠯᠠᠭᠤᠯᠵᠤ᠂ ᠪᠦᠭᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠤ᠂ ᠨᠠᠮ ᠤᠨ ᠪᠠᠶᠢᠭᠤᠯᠤᠯᠳᠡ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠦᠢᠯᠡᠰ ᠤᠨ ᠪᠦᠭᠦ ᠲᠠᠯ᠎ᠡ ᠶᠢᠨ ᠭᠦᠭᠵᠢᠯᠳᠡ ᠶᠢ ᠬᠦᠳᠦᠯᠦᠨ ᠪᠠᠳᠤᠯᠠᠵᠤ ᠳᠡᠶᠢᠯᠬᠦ ᠶᠢ ᠪᠠᠳᠤ ᠢᠳᠡᠭᠡᠵᠤ ᠪᠠᠶᠢᠨ᠎ᠡ ᠭᠡᠵᠤ ᠢᠯᠡᠳᠭᠡᠪᠡ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠡ᠂ ᠵᠠᠩ ᠶᠤᠸᠠᠨ ᠵᠦᠩ ᠠᠭᠤᠯᠵᠠᠯᠳᠡ ᠳᠤ ᠤᠷᠤᠯᠴᠠᠪᠡ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119878072