蒙古文网站Logo
ᠰᠢᠨᠬᠤᠸᠠ ᠮᠤᠩᠭ᠋ᠤᠯ ᠨᠧᠲ

ᠦᠬᠠᠢ ᠬᠤᠳᠠ ᠶᠢᠨ ᠤᠤᠯ ᠤᠨ ᠨᠠᠮ ᠤᠨ ᠬᠤᠷᠢᠶᠠᠨ ᠤ ᠱᠦᠵᠢ ᠡᠾᠧᠤ ᠹᠧᠩ ᠴᠢ ᠶᠢ ᠪᠠᠶᠢᠴᠠᠭᠠᠬᠤ ᠬᠤᠷᠢᠶᠠᠨ ᠤ ᠬᠢᠨ ᠬᠢᠨᠠᠨ ᠪᠠᠶᠢᠴᠠᠭᠠᠯᠭᠠᠬᠤ ᠪᠡᠷ ᠰᠢᠯᠵᠢᠬᠦᠯᠪᠡ

2016-11-09 10:27

    ᠰᠢᠨᠬᠤᠧᠠ ᠬᠤᠷᠢᠶ᠎ᠠ   ᠬᠦᠬᠡᠬᠤᠳᠠ ᠶᠢᠨ 11 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠬᠡ   ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠡᠴᠡ ᠤᠶᠢᠯᠠᠭᠠᠭᠰᠠᠨ ᠢᠶᠡᠷ᠂ ᠦᠪᠦᠷ ᠮᠤᠩᠭᠤᠯ ᠤᠨ ᠦᠬᠠᠢ ᠬᠤᠳᠠ ᠶᠢᠨ ᠤᠤᠯ ᠤᠨ ᠨᠠᠮ ᠤᠨ ᠬᠤᠷᠢᠶᠠᠨ ᠤ ᠱᠦᠵᠢ ᠡᠾᠧᠤ ᠹᠧᠩ ᠴᠢ (ᠲᠢᠩᠬᠢᠮ ᠤᠨ ᠳᠡᠰ) ᠶᠢᠨ ᠬᠡᠬᠡᠯᠢ ᠬᠠᠬᠤᠯᠢ ᠢᠳᠡᠭᠰᠡᠨ᠂ ᠮᠤᠨᠳᠠᠭ ᠶᠡᠬᠡ ᠡᠳ᠋ ᠬᠦᠷᠦᠩᠬᠡ ᠶᠢᠨ ᠬᠢᠨᠢ ᠢᠷᠡᠯᠳᠡ ᠨᠢ ᠳᠤᠳᠤᠷᠬᠠᠢ ᠦᠬᠡᠢ ᠬᠡᠷᠡᠭ ᠢ ᠳᠤᠰ ᠬᠤᠷᠢᠶ᠎ᠠ ᠨᠢ ᠠᠯᠪᠠᠨ ᠡᠴᠡ ᠵᠠᠯᠭᠠᠯᠳᠤᠬᠤ ᠬᠡᠯᠳᠡᠰ ᠲᠤ ᠪᠡᠨ ᠳᠤᠰᠢᠶᠠᠵᠤ ᠬᠢᠨᠠᠨ ᠪᠠᠶᠢᠴᠠᠭᠠᠬᠤ ᠱᠠᠳᠤᠨ ᠳᠤ ᠤᠷᠤᠭᠤᠯᠤᠭᠰᠠᠨ ᠪᠠᠶᠢᠨ᠎ᠠ᠃

    ᠡᠬᠡᠨᠡᠷ ᠶᠠᠩ ᠰᠢᠤ ᠡᠧ ᠨᠢ ᠮᠦᠨ ᠶᠠᠯᠠᠳᠤ ᠬᠡᠷᠡᠭ ᠢ ᠨᠢᠭᠤᠨ ᠳᠠᠯᠳᠠᠯᠠᠭᠰᠠᠨ᠂ ᠬᠠᠤᠯᠢ ᠪᠤᠰᠤ ᠪᠡᠷ ᠠᠰᠢᠭ ᠤᠷᠤᠯᠭ᠎ᠠ ᠡᠬᠦᠳᠦᠭᠰᠡᠨ ᠵᠡᠷᠬᠡ ᠶᠠᠯ᠎ᠠ ᠤᠨᠤᠭᠠᠭᠳᠠᠵᠤ ᠡᠾᠧᠤ ᠹᠧᠩ ᠴᠢ ᠶᠢᠨ ᠬᠠᠮᠳᠤ ᠬᠢᠨᠠᠨ ᠪᠠᠶᠢᠴᠠᠭᠠᠬᠤ ᠪᠡᠷ ᠰᠢᠯᠵᠢᠬᠦᠯᠦᠭᠳᠡᠭᠰᠡᠨ ᠪᠠᠶᠢᠨ᠎ᠠ᠃

    2015 ᠤᠨ ᠤ 11 ᠰᠠᠷ᠎ᠠ ᠶᠢᠨ 20 ᠤ ᠡᠳᠦᠷ᠂ ᠡᠾᠧᠤ ᠹᠧᠩ ᠴᠢ ᠠᠪᠯᠢᠭᠠᠯᠠᠯ ᠤᠨ ᠬᠡᠷᠡᠭ ᠲᠤ ᠬᠤᠯᠪᠤᠭᠳᠠᠵᠤ ᠵᠤᠬᠢᠶᠠᠨ ᠪᠠᠶᠢᠭᠤᠯᠤᠯᠳᠠ ᠶᠢᠨ ᠪᠠᠶᠢᠴᠠᠭᠠᠯᠳᠠ ᠶᠢ ᠬᠦᠯᠢᠶᠡᠨ᠂ ᠳᠡᠮᠡᠢ ᠤᠳᠠᠯ ᠦᠬᠡᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠠᠤᠯᠢ ᠶᠤᠰᠤᠭᠠᠷ ᠡᠾᠧᠤ ᠹᠧᠩ ᠴᠢ ᠶᠢᠨ ᠬᠡᠷᠡᠭ ᠢ ᠳᠠᠩᠰᠠᠯᠠᠵᠤ ᠳᠠᠩᠨᠠᠨ ᠪᠠᠶᠢᠴᠠᠭᠠᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119878803