蒙古文网站Logo
ᠰᠢᠨᠬᠤᠸᠠ ᠮᠤᠩᠭ᠋ᠤᠯ ᠨᠧᠲ

ᠪᠠᠶᠢᠭᠠᠯᠢ ᠤᠷᠴᠢᠨ ᠤ ᠶᠠᠮᠤᠨ ᠤ ᠤᠤᠯ ᠤᠨ ᠳᠡᠳ᠋ ᠰᠠᠶᠢᠳ ᠵᠠᠩ ᠯᠢ ᠵᠢᠶᠦ᠋ᠨ ᠤ ᠬᠡᠷᠡᠭ ᠤᠨ ᠰᠢᠬᠦᠨ ᠳᠠᠰᠤᠯᠤᠯᠳᠠ ᠶᠢ ᠵᠠᠷᠯᠠᠪᠠ

2016-11-10 10:19

    ᠰᠢᠨᠬᠤᠧᠠ ᠬᠤᠷᠢᠶ᠎ᠠ   ᠪᠡᠬᠡᠵᠢᠩ ᠤᠨ 11 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠸᠠᠩ ᠰᠢ᠂ ᠰᠢᠶᠦ᠋ᠩ ᠯᠢᠨ) 9 ᠤ ᠡᠳᠦᠷ᠂ ᠪᠡᠬᠡᠵᠢᠩ ᠬᠤᠳᠠ ᠶᠢᠨ ᠬᠤᠶᠠᠳᠤᠭᠠᠷ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠪᠠᠶᠢᠭᠠᠯᠢ ᠤᠷᠴᠢᠨ ᠤ ᠶᠠᠮᠤᠨ ᠤ ᠤᠤᠯ ᠤᠨ ᠳᠡᠳ᠋ ᠰᠠᠶᠢᠳ ᠵᠠᠩ ᠯᠢ ᠵᠢᠶᠦ᠋ᠨ ᠤ ᠬᠡᠷᠡᠭ ᠤᠨ ᠰᠢᠬᠦᠨ ᠳᠠᠰᠤᠯᠤᠯᠳᠠ ᠶᠢ ᠢᠯᠡ ᠵᠠᠷᠯᠠᠪᠠ᠃ ᠰᠢᠬᠦᠨ ᠳᠠᠰᠤᠯᠤᠯᠳᠠ ᠪᠡᠷ ᠵᠠᠩ ᠯᠢ ᠵᠢᠶᠦ᠋ᠨ ᠤ ᠠᠪᠯᠢᠭᠠᠯ ᠤᠨ ᠬᠡᠷᠡᠭ ᠲᠤ 4 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠵᠤ᠂ 50 ᠳᠦᠮᠡᠨ ᠳᠦᠬᠦᠷᠢᠭ ᠢᠶᠡᠷ ᠳᠤᠷᠭᠠᠨ ᠪᠦᠬᠦ ᠬᠦᠷᠦᠩᠬᠡ ᠶᠢ ᠨᠢ ᠬᠤᠷᠢᠶᠠᠮᠵᠢᠯᠠᠵᠤ ᠤᠯᠤᠰ ᠤᠨ ᠬᠦᠮᠦᠷᠬᠡ ᠳᠤ ᠳᠤᠰᠢᠶᠠᠬᠤ ᠪᠡᠷ ᠪᠤᠯᠪᠠ᠃

    ᠵᠠᠩ ᠯᠢ ᠵᠢᠶᠦ᠋ᠨ 1998 ᠤᠨ ᠡᠴᠡ 2013 ᠤᠨ ᠤ ᠬᠤᠭᠤᠷᠤᠨᠳᠤ ᠤᠷᠢᠳ ᠬᠤᠵᠢᠳ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠤᠷᠴᠢᠨ ᠤ ᠳᠤᠪᠴᠢᠶ᠎ᠠ ᠶᠢᠨ ᠳᠦᠯᠦᠪᠯᠡᠬᠡᠳᠦ ᠰᠠᠩᠬᠦᠦ ᠶᠢᠨ ᠵᠤᠷᠭᠠᠨ ᠤ ᠳᠠᠷᠤᠭ᠎ᠠ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠤᠷᠴᠢᠨ ᠤ ᠶᠡᠷᠦᠩᠬᠡᠢ ᠳᠤᠪᠴᠢᠶ᠎ᠠ ᠶᠢᠨ ᠳᠦᠯᠦᠪᠡᠯᠡᠬᠡ ᠬᠢᠬᠡᠳ ᠰᠠᠩᠬᠦᠦ ᠶᠢᠨ ᠵᠤᠷᠭᠠᠨ ᠤ ᠳᠠᠷᠤᠭ᠎ᠠ᠂ ᠪᠤᠬᠢᠷᠳᠤᠯ ᠢ ᠬᠢᠵᠠᠭᠠᠷᠯᠠᠬᠤ ᠵᠤᠷᠭᠠᠨ ᠤ ᠳᠠᠷᠤᠭ᠎ᠠ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠤᠷᠴᠢᠨ ᠤ ᠶᠡᠷᠦᠩᠬᠡᠢ ᠳᠤᠪᠴᠢᠶ᠎ᠠ ᠶᠢᠨ ᠳᠡᠳ᠋ ᠳᠠᠷᠤᠭ᠎ᠠ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠤᠷᠴᠢᠨ ᠤ ᠶᠠᠮᠤᠨ ᠤ ᠳᠡᠳ᠋ ᠰᠠᠶᠢᠳ ᠵᠡᠷᠬᠡ ᠳᠤᠰᠢᠶᠠᠯ ᠢ ᠬᠠᠷᠢᠭᠤᠴᠠᠵᠤ ᠪᠠᠶᠢᠬᠤ ᠳᠤ ᠪᠡᠨ 242.9927 ᠳᠦᠮᠡᠨ ᠳᠦᠬᠦᠷᠢᠭ ᠠᠪᠯᠢᠭᠠᠯᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119885535