蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠶᠢᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠦᠪᠯᠡᠯ ᠤᠨ ᠤᠤᠯ ᠤᠨ ᠳᠡᠳ᠋ ᠡᠷᠬᠢᠯᠡᠭᠴᠢ ᠯᠢᠦ ᠱᠢ ᠵᠢᠶᠦ᠋ᠨ ᠳᠤ 17 ᠵᠢᠯ ᠤᠨ ᠬᠤᠷᠢᠬᠤ ᠶᠠᠯ᠎ᠠ ᠤᠨᠤᠭᠠᠪᠠ

2016-11-11 09:06

    ᠬᠦᠬᠡᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠮᠡᠳᠡᠬᠡ ᠶᠢ ᠦᠨᠳᠦᠰᠦᠯᠡᠪᠡᠯ᠂ ᠤᠶᠢᠷ᠎ᠠ ᠶᠢᠨ ᠡᠳᠦᠷ ᠬᠦᠬᠡᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠨᠢ ᠬᠦᠬᠡᠬᠤᠳᠠ ᠶᠢᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠦᠪᠯᠡᠯ ᠤᠨ ᠤᠤᠯ ᠤᠨ ᠳᠡᠳ᠋ ᠡᠷᠬᠢᠯᠡᠭᠴᠢ (ᠠᠮᠤ ᠪᠤᠳᠠᠭᠠᠨ ᠤ ᠳᠤᠪᠴᠢᠶᠠᠨ ᠤ ᠤᠤᠯ ᠤᠨ ᠳᠤᠪᠴᠢᠶᠠᠨ ᠳᠠᠷᠤᠭ᠎ᠠ) ᠯᠢᠦ ᠱᠢ ᠵᠢᠶᠦ᠋ᠨ ᠤ ᠠᠪᠯᠢᠭᠠᠯ ᠤᠨ ᠬᠡᠷᠡᠭ ᠲᠤ ᠠᠩᠬᠠᠨ ᠤ ᠰᠢᠬᠦᠯᠳᠡ ᠬᠢᠵᠤ᠂ ᠬᠡᠬᠡᠯᠢ ᠬᠠᠬᠤᠯᠢ ᠢᠳᠡᠭᠰᠡᠨ ᠬᠡᠷᠡᠭ ᠢᠶᠡᠷ ᠨᠢ 15 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠨ 500 ᠳᠦᠮᠡᠨ ᠳᠦᠬᠦᠷᠢᠭ ᠢᠶᠡᠷ ᠳᠤᠷᠭᠠᠬᠤ ᠪᠠ ᠱᠠᠮᠰᠢᠭᠰᠠᠨ ᠬᠡᠷᠡᠭ ᠢᠶᠡᠷ ᠨᠢ 3 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠨ 20 ᠳᠦᠮᠡᠨ ᠳᠦᠬᠦᠷᠢᠭ ᠢᠶᠡᠷ ᠳᠤᠷᠭᠠᠬᠤ ᠪᠡᠷ ᠰᠢᠬᠦᠨ ᠳᠠᠰᠤᠯᠵᠠᠢ᠃ ᠡᠶᠢᠨᠬᠦ ᠳᠡᠷᠡᠪᠡᠷ ᠨᠡᠶᠢᠳᠡ 520 ᠳᠦᠮᠡᠨ ᠳᠦᠬᠦᠷᠢᠭ ᠢᠶᠡᠷ ᠳᠤᠷᠭᠠᠭᠳᠠᠨ᠂ 17 ᠵᠢᠯ ᠤᠨ ᠳᠤᠭᠳᠠᠭᠰᠠᠨ ᠬᠤᠭᠤᠴᠠᠭ᠎ᠠ ᠲᠠᠢ ᠪᠡᠷ ᠬᠤᠷᠢᠭᠤᠯ ᠳᠤ ᠤᠷᠤᠬᠤ ᠪᠤᠯᠪᠠ᠃

    ᠯᠢᠦ ᠱᠢ ᠵᠢᠶᠦ᠋ᠨ ᠳᠦᠷᠦ ᠶᠢᠨ ᠠᠯᠪᠠᠨ ᠠᠵᠢᠯᠳᠠᠨ ᠪᠤᠯᠤᠭᠰᠠᠨ ᠤ ᠬᠤᠪᠢ ᠳᠤ ᠵᠡᠷᠬᠡ ᠳᠤᠰᠢᠶᠠᠯ ᠢᠶᠡᠨ ᠤᠷᠪᠠᠭᠤ ᠪᠡᠷ ᠠᠰᠢᠭᠯᠠᠨ ᠬᠠᠤᠯᠢ ᠪᠤᠰᠤ ᠡᠳ᠋ ᠠᠰᠢᠭ ᠬᠦᠷᠳᠡᠵᠤ᠂ ᠠᠪᠯᠢᠭᠠᠯ ᠲᠠᠢ ᠨᠢ ᠬᠤᠯᠪᠤᠭᠳᠠᠭᠰᠠᠨ ᠮᠦᠩᠬᠦ 1959.6 ᠳᠦᠮᠡᠨ ᠳᠦᠬᠦᠷᠢᠭ ᠲᠤ ᠬᠦᠷᠴᠤ᠂ ᠪᠠᠰᠠ 225333.25 ᠳᠦᠬᠦᠷᠢᠭ ᠠᠯᠪᠠᠨ ᠤ ᠮᠦᠩᠬᠦ ᠶᠢ ᠬᠠᠤᠯᠢ ᠪᠤᠰᠤ ᠪᠡᠷ ᠬᠤᠪᠢᠳᠠᠨ ᠠᠰᠢᠭᠯᠠᠵᠠᠢ᠃

ᠢᠷᠡᠯᠳᠡ᠄ ᠦᠪᠦᠷ ᠮᠤᠩᠭ᠋ᠤᠯ ᠤᠨ ᠦᠷᠯᠦᠬᠡ ᠶᠢᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119891864