蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶ᠋ᠢ ᠪᠣᠲᠠᠲᠠᠶᠢᠴᠢᠯᠠᠨ ᠨᠠᠶᠢᠳᠠᠪᠣᠷᠢᠵᠢᠭᠤᠯᠬᠤ ᠶ᠋ᠢ ᠯᠠᠪᠳᠠᠭᠤᠨ ᠪᠠᠲᠣᠲᠠᠢ ᠠᠬᠢᠭᠤᠯᠬᠤ ᠬᠡᠷᠡᠭᠲᠡᠢ

2016-11-11 10:53

    11 ᠰᠠᠷ᠎ᠠ ᠶ᠋ᠢᠨ 9 ᠤ ᠡᠳᠤᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶ᠋ᠢᠨ ᠱᠦᠵᠢ ᠯᠢ ᠵᠢᠢ ᠡᡁᠧᠩ ᠬᠦᠬᠡᠬᠤᠳᠠ ᠳ᠋ᠤ ᠪᠠᠶᠢᠴᠠᠭᠠᠨ ᠰᠤᠳᠤᠯᠤᠯᠳᠡ ᠬᠢᠵᠥ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠳ᠋ᠤ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶ᠋ᠢ ᠤᠬᠠᠭᠤᠯᠤᠨ ᠲᠠᠶᠢᠯᠪᠤᠷᠢᠯᠠᠪᠠ᠃ ᠲᠡᠷᠡ᠂ ᠤᠷᠤᠨ ᠲᠠᠶᠠᠭᠠᠷ ᠤᠨ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶ᠋ᠢ ᠬᠦᠨᠵᠡᠬᠡᠢ ᠰᠤᠷᠤᠯᠴᠠᠵᠥ ᠤᠯᠠᠮᠵᠢᠯᠠᠨ ᠲᠤᠤᠱᠯᠠᠭᠤᠯᠵᠥ᠂ ᠰᠢ ᠶ᠋ᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠲᠤᠭᠤᠷᠢᠨ ᠳ᠋ᠤ ᠤᠯᠠᠮ ᠨᠢᠬᠳᠠᠷᠠᠨ ᠪᠦᠯᠬᠦᠮᠳᠡᠵᠥ᠂ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠦᠨᠡᠨᠬᠦ ᠪᠦᠬᠦᠳᠡ ᠬᠤᠷᠠᠯ ᠤᠨ ᠵᠤᠷᠢᠭ ᠰᠠᠨᠠᠭ᠎ᠠ ᠲᠠᠢ ᠨᠢᠬᠡᠳᠬᠡᠵᠥ᠂ ᠬᠦᠴᠦᠨ ᠴᠢᠳᠠᠯ ᠢᠶᠡᠨ ᠪᠦᠬᠦᠳᠡ ᠬᠤᠷᠠᠯ ᠡᠴᠠ ᠲᠤᠭᠳᠠᠭᠠᠭᠰᠠᠠ ᠡᠯ᠎ᠡ ᠵᠦᠢᠯ ᠤᠨ ᠡᠬᠦᠷᠬᠡ ᠲᠡᠭᠡᠷ᠎ᠡ ᠨᠢᠬᠳᠠᠷᠠᠭᠤᠯᠵᠥ᠂ ᠤᠭ ᠰᠠᠨᠠᠭ᠎ᠠ ᠪᠠᠨ ᠦᠯᠥ ᠮᠠᠷᠳᠠᠵᠥ᠂ ᠦᠷᠬᠦᠯᠵᠢᠯᠡᠨ ᠤᠷᠤᠭᠰᠢᠯᠠᠵᠥ᠂ ᠰᠠᠬᠢᠨ ᠪᠠᠷᠠᠯᠠᠵᠥ ᠬᠠᠷᠢᠯᠴᠠᠨ ᠳᠤᠰᠠᠯᠠᠯᠴᠠᠵᠤ᠂ ᠪᠦᠯᠬᠦᠮᠳᠡᠨ ᠲᠡᠮᠡᠴᠡᠵᠥ᠂ ᠪᠦᠬᠦᠳᠡ ᠬᠤᠷᠠᠯ ᠤᠨ ᠵᠤᠷᠢᠭ ᠰᠠᠨᠠᠭ᠎ᠠ ᠬᠦᠮᠥᠰ ᠤᠨ ᠰᠡᠳᠬᠢᠯ ᠳ᠋ᠤ ᠬᠦᠨ ᠰᠠᠭᠤᠭᠳᠠᠬᠤ ᠶ᠋ᠢ ᠯᠠᠪᠳᠠᠭᠤᠨ ᠪᠠᠳᠤᠳᠠᠢ ᠠᠬᠢᠭᠤᠯᠵᠦ᠂ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠪᠤᠯᠤᠨ ᠨᠠᠮ ᠤᠨ ᠪᠠᠶᠢᠭᠤᠯᠤᠯᠳᠠ ᠶ᠋ᠢᠨ ᠰᠢᠨ᠎ᠡ ᠪᠠᠶᠢᠳᠠᠯ ᠢ ᠴᠢᠷᠮᠠᠶᠢᠨ ᠨᠡᠬᠡᠬᠡᠨ ᠡᠬᠦᠳᠬᠦ ᠬᠡᠷᠡᠭᠳᠡᠢ ᠬᠡᠵᠥ ᠴᠢᠬᠤᠯᠠᠴᠢᠯᠠᠪᠠ᠃

    ᠤᠶᠢᠷ᠎ᠡ ᠶ᠋ᠢᠨ ᠡᠳᠤᠷ ᠤᠳ ᠲᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶ᠋ᠢᠨ ᠨᠢᠬᠡᠳᠤᠯᠳᠡᠢ ᠪᠠᠶᠢᠷᠢᠯᠠᠭᠤᠯᠤᠯᠳᠡ ᠪᠠᠷ᠂ ᠤᠷᠤᠨ ᠲᠠᠶᠠᠭᠠᠷ ᠤᠨ ᠡᠯ᠎ᠠ ᠭᠠᠵᠠᠷ ᠲᠤ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠵᠥ ᠤᠯᠠᠮᠵᠢᠯᠠᠨ ᠲᠤᠤᠱᠯᠠᠭᠤᠯᠬᠤ ᠬᠠᠯᠠᠭᠤᠨ ᠦᠷᠨᠢᠯᠳᠡ ᠭᠠᠷᠪᠠ᠃ ᠪᠠᠶᠢᠴᠠᠭᠠᠨ ᠰᠤᠳᠤᠯᠤᠯᠳᠡ ᠬᠢᠬᠦ ᠲᠤᠮᠳᠠ᠂ ᠯᠢ ᠵᠢᠢ ᠡᡁᠧᠩ ᠤᠷᠢᠳ ᠬᠤᠵᠢᠳ ᠬᠤᠳᠠ ᠲᠤᠭᠤᠷᠢᠭ᠂ ᠰᠢᠶᠠᠩ ᠪᠠᠯᠭᠠᠰᠤ(ᠵᠡᠬᠡᠯᠢ ᠭᠤᠳᠤᠮᠵᠢ)᠂ ᠲᠤᠰᠬᠤᠨ(ᠨᠡᠶᠢᠭᠡᠮ ᠲᠤᠭᠤᠷᠢᠭ) ᠤ᠋ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶ᠋ᠢᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠵᠥ ᠤᠯᠠᠮᠵᠢᠯᠠᠨ ᠲᠤᠤᠱᠯᠠᠭᠤᠯᠤᠭᠰᠠᠠ ᠪᠠ ᠨᠠᠮ ᠤᠨ ᠪᠠᠶᠢᠭᠤᠯᠤᠯᠳᠠ ᠶ᠋ᠢᠨ ᠠᠵᠢᠯ ᠢ ᠴᠢᠩᠭᠠᠳᠬᠠᠭᠰᠠᠠ ᠪᠠᠶᠢᠳᠠᠯ ᠤᠨ ᠲᠤᠬᠠᠢ ᠬᠠᠷᠢᠭᠤ ᠮᠡᠳᠡᠬᠦᠯᠥᠯᠳᠡ ᠶ᠋ᠢ ᠰᠤᠨᠤᠰᠴᠦ᠂ ᠦᠨᠳᠦᠰᠦᠨ ᠱᠠᠳᠤᠨ ᠤ ᠨᠠᠮ ᠤᠨ ᠬᠡᠰᠢᠬᠦᠨ ᠺᠠᠳ᠋ᠷ ᠲᠠᠢ ᠨᠢᠭᠤᠷᠳᠠᠨ ᠶᠠᠷᠢᠯᠴᠠᠪᠠ᠃

    ᠬᠦᠬᠡᠬᠤᠳᠠ ᠶ᠋ᠢᠨ ᠰᠠᠶᠢᠬᠠᠨ ᠲᠤᠭᠤᠷᠢᠭ ᠤᠨ ᠶ᠋ᠢᠨ ᠡᡁᠸ ᠪᠠᠯᠭᠠᠰᠤ ᠶ᠋ᠢᠨ ᠬᠡᠷᠡᠯᠳᠤ ᠰᠦᠮ᠎ᠡ ᠲᠤᠰᠬᠤᠨ ᠳ᠋ᠤ᠂ ᠯᠢ ᠵᠢᠢ ᠡᡁᠧᠩ ᠦᠨᠳᠦᠰᠦᠨ ᠱᠠᠳᠤᠨ ᠤ ᠨᠠᠮ ᠤᠨ ᠬᠡᠰᠢᠬᠦᠨ ᠪᠤᠯᠤᠨ ᠦᠨᠳᠦᠰᠦᠳᠡᠨ ᠨᠦᠭᠦᠳ ᠤᠨ ᠤᠯᠠᠨ ᠲᠦᠮᠡᠨ ᠳ᠋ᠤ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶ᠋ᠢ ᠤᠬᠠᠭᠤᠯᠤᠨ ᠲᠠᠶᠢᠯᠪᠤᠷᠢᠯᠠᠪᠠ᠃

    ᠯᠢ ᠵᠢᠢ ᠡᠾᠧᠩ ᠤᠬᠠᠭᠤᠯᠤᠨ ᠲᠠᠢᠯᠪᠤᠷᠢᠯᠠᠬᠤ ᠳᠠᠭᠠᠨ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠵᠥ ᠤᠬᠠᠭᠤᠯᠵᠤ ᠲᠤᠤᠱᠯᠠᠭᠤᠯᠬᠤ ᠳ᠋ᠤ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠭᠦᠨᠵᠡᠭᠡᠢ ᠤᠶᠢᠯᠠᠭᠠᠬᠤ ᠪᠠ ᠤᠨᠤᠪᠴᠢᠲᠠᠢ ᠠᠳᠬᠤᠬᠤ ᠳᠡᠭᠡᠷ᠎ᠡ ᠬᠦᠴᠦ ᠲᠠᠯᠪᠢᠵᠤ᠂ ᠪᠤᠲᠠᠲᠤ ᠠᠮᠵᠢᠯᠲᠠ ᠶ᠋ᠢ ᠬᠦᠭᠡᠭᠡᠴᠡᠯᠳᠦᠬᠦ ᠬᠡᠷᠡᠭᠲᠡᠢ᠃ ᠨᠢᠭᠡᠨ ᠤᠯᠤᠰ᠂ ᠨᠢᠭᠡᠨ ᠲᠦᠷᠦ ᠪᠠᠷᠢᠬᠴᠢ ᠨᠠᠮ ᠳ᠋ᠤ ᠤᠳᠤᠷᠢᠳᠬᠤ ᠭᠤᠤᠯᠯᠠᠭᠴᠢ ᠬᠦᠴᠦᠨ ᠪᠤᠯ ᠲᠤᠶᠢᠯ ᠤᠨ ᠴᠢᠬᠤᠯᠠ᠃ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠬᠠᠮᠤᠭ ᠤᠨ ᠬᠦᠰᠢᠶ᠎ᠡ ᠲᠤᠷᠠᠰᠬᠠᠯ ᠤᠨ ᠴᠢᠨᠠᠷ ᠲᠠᠢ ᠲᠡᠤᠬᠡᠲᠦ ᠰᠢᠨᠵᠢ ᠲᠠᠢ ᠤᠯᠤᠰ ᠲᠦᠷᠦ ᠶ᠋ᠢᠨ ᠦᠷ᠎ᠡ ᠪᠦᠲᠦᠭᠡᠯ ᠪᠤᠯ ᠳᠠᠷᠤᠢ ᠶᠡᠷᠦᠩᠬᠡᠢ ᠱᠦᠵᠢ ᠰᠢ ᠶ᠋ᠢᠨ ᠫᠢᠩ ᠤᠨ ᠭᠤᠤᠯ ᠪᠤᠯᠬᠤ ᠪᠠᠶᠢᠷᠢ ᠰᠠᠭᠤᠷᠢ ᠶ᠋ᠢ ᠲᠤᠳᠤᠷᠬᠠᠶᠢᠯᠠᠵᠤ᠂ 《ᠰᠢ ᠶ᠋ᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ》  ᠶ᠋ᠢ ᠵᠢᠩᠬᠢᠨᠢ ᠪᠠᠷ ᠳᠤᠷᠠᠳᠤᠭᠰᠠᠨ ᠶᠠᠪᠤᠳᠠᠯ ᠪᠤᠯᠤᠨ᠎ᠠ᠃ ᠤᠷᠤᠨ ᠲᠠᠶᠠᠭᠠᠷ ᠤᠨ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨᠴᠠᠭᠠᠶᠢᠯᠠᠨ ᠤᠳᠤᠷᠢᠳᠬᠤ ᠺᠠᠳ᠋ᠷ ᠡᠷᠬᠡᠪᠰᠢ ᠤᠯᠤᠰ ᠲᠦᠷᠦ ᠶ᠋ᠢᠨ ᠤᠬᠠᠮᠰᠠᠷ᠂ ᠶᠡᠬᠡ ᠲᠠᠯ᠎ᠠ ᠶ᠋ᠢᠨ ᠤᠬᠠᠮᠰᠠᠷ᠂ ᠭᠤᠤᠯᠯᠠᠭᠴᠢ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢᠶᠡᠨ ᠤᠯᠠᠮ ᠴᠢᠨᠠᠭᠰᠢᠲᠠ ᠲᠡᠭᠡᠭᠰᠢᠯᠡᠬᠦᠯᠵᠥ᠂ ᠦᠵᠡᠯ ᠰᠠᠨᠠᠭᠠᠨ ᠤ ᠲᠠᠯ᠎ᠠ ᠪᠠᠷ ᠭᠤᠤᠯ ᠪᠤᠯᠬᠤ ᠶ᠋ᠢ ᠴᠢᠩ ᠰᠡᠳᠬᠢᠯ ᠡᠴᠠ ᠪᠠᠨ ᠬᠦᠷᠢᠶᠡᠯᠡᠵᠦ᠂ ᠤᠯᠤᠰ ᠲᠦᠷᠦ ᠶᠢᠨ ᠲᠠᠯ᠎ᠠ ᠪᠠᠷ ᠭᠤᠤᠯ ᠪᠤᠯᠬᠤ ᠶ᠋ᠢ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠭᠤᠤᠯ ᠪᠤᠯᠬᠤ ᠶ᠋ᠢ ᠤᠬᠠᠮᠰᠠᠷ ᠡᠴᠠ ᠪᠠᠨ ᠳᠠᠭᠠᠵᠤ᠂ ᠠᠵᠢᠯᠯᠠᠭ᠎ᠠ ᠶ᠋ᠢᠨ ᠲᠠᠯ᠎ᠠ ᠪᠠᠷ ᠭᠤᠤᠯ ᠪᠤᠯᠬᠤ ᠲᠠᠢ ᠰᠠᠨᠠᠭᠠᠴᠢᠯᠠᠭ᠎ᠠ ᠡᠴᠠ ᠪᠠᠨ ᠨᠢᠭᠡᠳᠦᠯᠲᠡᠢ ᠪᠠᠶᠢᠵᠤ᠂ ᠰᠢ ᠶ᠋ᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶ᠋ᠢᠨ ᠲᠤᠭᠤᠷᠢᠨ ᠳ᠋ᠤ ᠤᠯᠠᠮ ᠨᠢᠬᠲᠠᠷᠠᠨ ᠪᠦᠯᠬᠦᠮᠳᠡᠵᠦ᠂ ᠰᠢ ᠶ᠋ᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠢ ᠨᠡᠩ ᠡᠷᠡᠰ ᠢᠶᠠᠷ ᠬᠠᠮᠠᠭᠠᠯᠠᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶ᠋ᠢᠨ ᠲᠠᠯ᠎ᠠ ᠪᠠᠷ ᠰᠢ ᠶ᠋ᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠡᠩ ᠤᠬᠠᠮᠰᠠᠷ ᠡᠴᠠ ᠪᠠᠨ ᠲᠡᠭᠡᠳᠦ ᠬᠡᠮᠵᠢᠶᠡᠨ ᠤ ᠨᠢᠭᠡᠳᠦᠯᠲᠠᠢ ᠪᠠᠶᠢᠵᠦ᠂ ᠨᠠᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠲᠦ ᠪᠤᠳᠤᠯᠭ᠎ᠠ ᠶ᠋ᠢᠨ ᠪᠠᠶᠢᠷᠢᠯᠠᠭᠤᠯᠤᠯᠲᠠ ᠶ᠋ᠢ ᠤᠯᠠᠮ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠦ᠂ ᠶᠡᠷᠦᠩᠬᠡᠢ ᠱᠦᠵᠢ ᠰᠢ ᠶ᠋ᠢᠨ ᠫᠢᠩ ᠲᠠᠢ ᠨᠢᠭᠡᠳᠦᠯᠲᠠᠢ ᠪᠤᠯᠭᠠᠵᠦ᠂ ᠨᠠᠮ ᠤᠨ ᠲᠦᠪ ᠬᠤᠷᠢᠶ᠎ᠠ ᠲᠠᠢ ᠨᠢᠭᠡᠳᠦᠯᠲᠠᠢ ᠪᠤᠯᠭᠠᠵᠦ᠂ ᠨᠠᠮ ᠤᠨ ᠤᠨᠤᠯ ᠪᠤᠯᠤᠨ ᠱᠤᠭᠤᠮ ᠴᠢᠭᠯᠡᠯᠲᠡ ᠲᠦᠷᠦ ᠶ᠋ᠢᠨ ᠪᠤᠳᠤᠯᠭ᠎ᠠ ᠲᠠᠢ ᠨᠢᠬᠡᠳᠦᠯᠲᠠᠢ ᠪᠤᠯᠭᠠᠵᠦ᠂ ᠨᠠᠮ ᠤᠨ ᠲᠦᠪ ᠬᠤᠷᠢᠶᠠᠨ ᠤ ᠰᠢᠢᠳᠪᠤᠷᠢᠲᠦ ᠪᠤᠳᠤᠯᠭ᠎ᠠ ᠶ᠋ᠢᠨ ᠪᠠᠶᠢᠷᠢᠯᠠᠭᠤᠯᠤᠯᠲᠠ ᠲᠠᠢ ᠨᠢᠭᠡᠳᠦᠯᠲᠠᠢ ᠪᠤᠯᠭᠠᠵᠦ᠂ ᠨᠠᠮ ᠤᠨ ᠲᠦᠪ ᠬᠤᠷᠢᠶᠠᠨ ᠤ ᠰᠠᠨᠠᠭᠠᠴᠢᠯᠠᠭ᠎ᠠ ᠶ᠋ᠢ ᠡᠷᠡᠰ ᠴᠤᠤᠷᠢᠶᠠᠳᠤᠨ ᠲᠠᠭᠠᠵᠦ᠂ ᠨᠠᠮ ᠤᠨ ᠲᠦᠪ ᠬᠤᠷᠢᠶᠠᠨ ᠤ ᠲᠤᠭᠳᠠᠭᠠᠯ ᠢ ᠡᠷᠡᠰ ᠬᠡᠷᠡᠭᠵᠢᠬᠦᠯᠵᠦ᠂ ᠨᠠᠮ ᠤᠨ ᠲᠦᠪ ᠬᠤᠷᠢᠶᠠᠨ ᠤ ᠴᠠᠭᠠᠵᠠᠯᠠᠭᠰᠠᠨ ᠵᠦ᠋ᠢᠯᠡᠰ ᠢ ᠤᠭᠲᠦ ᠬᠢᠬᠦ ᠦᠭᠡᠢ ᠪᠤᠯᠬᠤ ᠬᠡᠷᠡᠭᠲᠠᠢ ᠬᠡᠵᠥ ᠴᠢᠬᠤᠯᠠᠴᠢᠯᠠᠪᠠ᠃

    ᠯᠢ ᠵᠢᠢ ᠾᠧᠩ ᠂ ᠪᠦᠬᠦᠳᠡ ᠬᠤᠷᠠᠯ ᠤᠨ ᠴᠢᠬᠤᠯᠠ ᠨᠢᠭᠡ ᠦᠵᠡᠯ ᠰᠠᠨᠠᠭᠠᠨ ᠤ ᠦᠷ᠎ᠡ ᠪᠦᠲᠦᠭᠡᠯ ᠨᠢ《ᠪᠦᠬᠦ ᠲᠠᠯ᠎ᠠ ᠪᠠᠷ ᠨᠡᠮ ᠢ ᠴᠢᠩᠭ᠎ᠠ ᠵᠠᠰᠠᠬᠤ》ᠶᠠᠪᠤᠳᠠᠯ ᠪᠤᠯᠤᠨ᠎ᠠ᠂ ᠨᠦᠬᠦᠭᠡ ᠨᠢᠭᠡ ᠴᠢᠬᠤᠯᠠ ᠲᠦᠷᠢᠮ ᠤᠨ ᠦᠷ᠎ᠡ ᠪᠦᠲᠦᠭᠡᠯ ᠨᠢ 《ᠰᠢᠨ᠎ᠡ ᠪᠠᠶᠢᠳᠠᠯ ᠲᠤᠤᠷᠠᠬᠢ ᠨᠠᠮ ᠤᠨ ᠲᠤᠲᠤᠭᠠᠳᠦ ᠶ᠋ᠢᠨ ᠤᠯᠤᠰ ᠲᠦᠷᠦ ᠶ᠋ᠢᠨ ᠠᠮᠢᠳᠤᠷᠠᠯ ᠤᠨ ᠲᠤᠬᠠᠢ ᠲᠦᠷᠢᠮ ᠤᠳ》 ᠪᠤᠯᠤᠨ《ᠳᠤᠮᠳᠠᠳᠦ ᠤᠯᠤᠰ ᠤᠨ ᠡᠪ ᠬᠠᠮᠲᠦ ᠨᠠᠮ ᠤᠨ ᠨᠠᠮ ᠤᠨ ᠲᠤᠲᠤᠭᠠᠳᠦ ᠶ᠋ᠢᠨ ᠬᠢᠨᠠᠯᠲᠠ ᠲᠠᠯᠪᠢᠬᠤ ᠲᠦᠷᠢᠮ》ᠢ᠋ ᠬᠢᠨᠠᠨ ᠵᠦᠪᠯᠡᠵᠦ ᠪᠠᠲᠤᠯᠠᠭᠰᠠᠨ ᠶᠠᠪᠤᠳᠠᠯ ᠪᠤᠯᠤᠨ᠎ᠠ᠃ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠪᠦᠬᠦᠳᠡ ᠬᠤᠷᠠᠯ ᠡᠴᠠ ᠭᠠᠷᠭᠠᠭᠰᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠬᠡ ᠪᠠᠶᠢᠷᠢᠯᠠᠭᠤᠯᠤᠯᠲᠠ ᠶ᠋ᠢ ᠰᠠᠶᠢᠲᠤᠷ ᠲᠤᠤᠱᠯᠠᠭᠤᠯᠵᠦ᠂ ᠨᠠᠮ ᠤᠨ ᠲᠤᠲᠤᠭᠠᠳᠦ ᠶ᠋ᠢᠨ ᠤᠯᠤᠰ ᠲᠦᠷᠦ ᠶ᠋ᠢᠨ ᠠᠮᠢᠳᠤᠷᠠᠯ ᠢ ᠦᠨᠡᠨᠬᠦ ᠴᠢᠩᠭᠠᠳᠬᠠᠨ ᠵᠢᠷᠤᠮᠵᠢᠭᠤᠯᠵᠦ ᠂ ᠨᠠᠮ ᠤᠨ ᠲᠤᠲᠤᠭᠠᠳᠦ ᠶ᠋ᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶ᠋ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠩᠭ᠎ᠠ ᠪᠤᠳᠠᠲᠠᠢ ᠪᠠᠶᠢᠬᠤ ᠤᠪᠤᠷ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠶ᠋ᠢ ᠨᠠᠶᠢᠳᠠᠪᠤᠷᠢᠵᠢᠭᠤᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠤᠨ 《ᠵᠠᠳᠠᠭᠠᠢ ᠰᠤᠯᠠ ᠪᠠᠭᠤᠷᠠᠢ》 ᠪᠠᠶᠢᠬᠰᠠᠨ ᠡᠴᠠ ᠪᠠᠨ《ᠴᠢᠩᠭ᠎ᠠ ᠪᠤᠳᠠᠲᠠᠢ ᠬᠠᠲᠠᠭᠤ》 ᠵᠦᠭ ᠲᠠᠰᠤᠷᠠᠯᠲᠠ ᠦᠭᠡᠢ ᠬᠤᠪᠢᠷᠠᠬᠤ ᠶ᠋ᠢ ᠠᠬᠢᠭᠤᠯᠵᠦ᠂ ᠬᠡᠪ ᠰᠤᠷᠲᠠᠯ ᠲᠦᠪ ᠴᠢᠭᠡᠴᠢ ᠤᠯᠤᠰ ᠲᠦᠷᠦ ᠶ᠋ᠢᠨ ᠠᠮᠢ ᠠᠬᠤᠢ ᠪᠤᠯᠤᠨ ᠠᠵᠢᠯ ᠬᠢᠵᠦ ᠦᠢᠯᠡᠰ ᠴᠤᠭᠴᠠᠯᠠᠬᠤ ᠵᠠᠰᠠᠭ ᠶᠠᠪᠤᠭᠤᠯᠬᠤ ᠤᠷᠴᠢᠨ ᠲᠤᠭᠤᠷᠢᠨ ᠢ ᠬᠦᠴᠦᠯᠡᠨ ᠪᠦᠷᠢᠯᠳᠦᠭᠦᠯᠬᠦ ᠬᠡᠷᠡᠭᠲᠠᠢ ᠭᠡᠵᠦ ᠵᠢᠭᠠᠵᠦ ᠭᠠᠷᠭᠠᠪᠠ᠃

    ᠯᠢ ᠵᠢᠢ ᠾᠸ᠋ᠩ᠂ ᠨᠠᠮ ᠤᠨ ᠠᠷᠪᠠᠨ ᠨᠠᠶ᠋᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠠ ᠶ᠋ᠢᠨ ᠬᠡᠰᠡᠭ ᠬᠤᠭᠤᠴᠠᠭᠠᠨ ᠤ ᠤᠷᠤᠨ ᠲᠠᠶᠠᠭᠠᠷ ᠤᠨ ᠴᠢᠬᠤᠯᠠ ᠶᠡᠬᠡ ᠤᠯᠤᠰ ᠲᠦᠷᠦ ᠶ᠋ᠢᠨ ᠡᠭᠦᠷᠭᠡ ᠪᠤᠯᠤᠨ᠎ᠠ᠃ ᠨᠠᠮ ᠤᠨ ᠲᠦᠪ ᠬᠤᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶ᠋ᠢᠨ ᠨᠢᠭᠡᠳᠦᠯᠲᠠᠢ ᠪᠠᠶᠢᠷᠢᠯᠠᠭᠤᠯᠤᠯᠲᠠ ᠶᠤᠰᠤᠭᠠᠷ ᠱᠠᠳᠤ ᠬᠤᠪᠢᠶᠠᠨ᠂ ᠤᠯᠠᠨ ᠲᠠᠯ᠎ᠠ ᠡᠴᠠ᠂ ᠤᠯᠠᠨ ᠠᠷᠭ᠎ᠠ ᠬᠡᠮᠵᠢᠶ᠎ᠠ᠂ ᠤᠯᠠᠨ ᠬᠡᠯᠪᠡᠷᠢ ᠮᠠᠶ᠊ᠢᠭ ᠢᠶᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠷᠨᠢᠭᠦᠯᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠨᠠᠮ ᠤᠨ ᠡᠭᠦᠷ ᠪᠦᠷᠢ᠂ ᠨᠠᠮ ᠤᠨ ᠭᠡᠰᠢᠭᠦᠨ ᠪᠦᠷᠢ ᠳ᠋ᠤ ᠳᠠᠷᠤᠢ ᠲᠦᠷᠭᠡᠨ ᠤᠯᠠᠮᠵᠢᠯᠠᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠤᠯᠠᠨ ᠤ ᠳᠤᠮᠳᠠ ᠳᠡᠯᠭᠡᠷᠡᠭᠦᠯᠦᠨ᠂ ᠬᠦᠮᠦᠰ ᠤᠨ ᠰᠡᠳᠭᠢᠯ ᠳ᠋ᠤ ᠬᠠᠳᠠᠩᠰᠢᠭᠤᠯᠵᠤ᠂ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠭᠡᠵᠤ᠂ ᠬᠦᠴᠦᠨ ᠢᠶᠡᠨ ᠨᠢᠭᠲᠠᠷᠠᠭᠤᠯᠬᠤ ᠬᠡᠷᠡᠭᠲᠡᠢ᠃ ᠨᠠᠮ ᠤᠨ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠬᠤ ᠶ᠋ᠢ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠪᠤᠯᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠶᠡᠷᠤᠩᠬᠡᠢ ᠱᠦᠵᠢ ᠰᠢ ᠶ᠋ᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠤᠯᠤᠰ ᠢ ᠵᠠᠰᠠᠵᠤ ᠲᠦᠷᠦ ᠶ᠋ᠢᠨ ᠶᠠᠪᠤᠳᠠᠯ ᠢ ᠡᠷᠬᠢᠯᠡᠬᠦ ᠰᠢᠨ᠎ᠠ ᠤᠶᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶ᠋ᠢ ᠰᠤᠷᠤᠯᠴᠠᠬᠤ ᠲᠠᠢ ᠨᠢᠬᠲᠠ ᠤᠶᠠᠯᠳᠤᠭᠤᠯᠵᠤ᠂ ᠶᠡᠷᠤᠩᠬᠡᠢ ᠱᠦᠵᠢ ᠰᠢ ᠶ᠋ᠢᠨ ᠫᠢᠩ ᠤᠨ ᠦᠪᠦᠷ ᠮᠤᠩᠭᠤᠯ ᠳ᠋ᠤ ᠰᠢᠨᠵᠢᠯᠡᠨ ᠪᠠᠶᠢᠴᠠᠭᠠᠬᠤ ᠦᠶ᠎ᠠ ᠶ᠋ᠢᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠶ᠋ᠢ ᠰᠤᠷᠤᠯᠴᠠᠬᠤ ᠲᠠᠢ ᠨᠢᠬᠲᠠ ᠤᠶᠠᠯᠳᠤᠭᠤᠯᠵᠤ᠂ 《ᠬᠤᠶᠠᠷ ᠢ ᠰᠤᠷᠤᠯᠴᠠᠵᠤ ᠨᠢᠭᠡ ᠳ᠋ᠤ ᠲᠡᠩᠴᠡᠭᠦᠯᠬᠦ》ᠰᠤᠷᠤᠯᠴᠠᠯᠭ᠎ᠠ ᠬᠦᠮᠦᠵᠢᠯ ᠳ᠋ᠤ ᠠᠭᠤᠰᠤᠯᠴᠠᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠳᠡᠯ᠎ᠠ ᠤᠶᠢᠯᠠᠭᠠᠵᠤ᠂ ᠲᠠᠷᠢᠬᠢᠨ ᠳᠠᠭᠠᠨ ᠰᠢᠩᠭᠡᠬᠡᠵᠤ ᠰᠡᠳᠭᠢᠯ ᠳ᠋ᠡᠭᠡᠨ ᠬᠠᠳᠠᠩᠰᠢᠭᠤᠯᠵᠤ᠂ ᠦᠨᠡᠨᠬᠦ ᠪᠦᠭᠦᠳᠡ ᠬᠤᠷᠠᠯ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠡᠨ ᠠᠬᠢᠭᠤᠯᠬᠤ ᠬᠡᠷᠡᠭᠲᠡᠢ᠃ ᠡᠯ᠎ᠠ ᠱᠠᠳᠤᠨ ᠤ ᠡᠯ᠎ᠠ ᠲᠦᠷᠦᠯ ᠤᠨ ᠵᠠᠭᠤᠴᠢᠯᠠᠭᠤᠷ ᠲᠤᠰᠬᠠᠢ ᠪᠤᠯᠤᠩ ᠲᠤᠰᠬᠠᠢ ᠰᠡᠳᠦᠪ ᠲᠦᠰᠦᠪᠯᠡᠵᠤ ᠪᠠᠢᠭᠠᠳ᠂ ᠨᠠᠮ ᠤᠨ ᠪᠠᠶᠢᠭᠤᠯᠤᠯᠲᠠ ᠶ᠋ᠢᠨ ᠠᠵᠢᠯ ᠤᠨ ᠰᠢᠨ᠎ᠠ ᠦᠷ᠎ᠠ ᠪᠦᠲᠦᠮᠵᠢ᠂ ᠨᠠᠮ ᠤᠨ ᠳᠤᠳᠤᠭᠠᠳᠦ ᠶ᠋ᠢᠨ ᠤᠯᠤᠰ ᠲᠦᠷᠦ ᠶ᠋ᠢᠨ ᠠᠮᠢᠳᠤᠷᠠᠯ ᠪᠤᠯᠤᠨ ᠨᠠᠮ ᠤᠨ ᠳᠤᠳᠤᠭᠠᠳᠦ ᠶ᠋ᠢᠨ ᠬᠢᠨᠠᠯᠲᠠ ᠲᠠᠯᠪᠢᠯᠲᠠ ᠶ᠋ᠢ ᠴᠢᠩᠭᠠᠳᠬᠠᠬᠤ ᠰᠢᠨ᠎ᠠ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

    ᠪᠠᠶᠢᠴᠠᠭᠠᠨ ᠰᠤᠳᠤᠯᠤᠯᠳᠠ ᠬᠢᠬᠦ ᠳ᠋ᠡᠭᠡᠨ᠂ ᠯᠢ ᠵᠢᠢ ᠡᡁᠸ᠋ᠩ ᠲᠤᠬᠠᠢ ᠶ᠋ᠢᠨ ᠭᠠᠵᠠᠷ ᠲᠤ ᠬᠤᠳᠠ ᠶ᠋ᠢᠨ ᠭᠠᠵᠠᠷ ᠲᠤᠤᠷᠠᠬᠢ ᠶᠠᠷᠤᠩᠬᠡᠢ ᠬᠤᠭᠤᠯᠠᠢ ᠶ᠋ᠢᠨ ᠬᠤᠩᠬᠢᠯ᠂ ᠦᠪᠤᠷ ᠮᠤᠩᠭᠤᠯ ᠤᠨ ᠤᠷᠠᠨ ᠵᠢᠷᠤᠬ ᠤᠨ ᠤᠷᠳᠤᠨ᠂ ᠲᠠᠯ᠎ᠠ ᠨᠤᠳᠤᠬ ᠤᠨ ᠲᠤᠷᠭᠠᠨ ᠤ ᠵᠠᠮ ᠤᠨ ᠰᠤᠶᠤᠯ ᠤᠨ ᠴᠡᠴᠡᠷᠯᠢᠭ᠂ ᠬᠦᠬᠡᠬᠤᠳᠠ-ᠴᠢᠭᠤᠯᠤᠯᠳᠤ ᠬᠠᠭᠠᠯᠭ᠎ᠠ ᠴᠢᠭᠯᠡᠯ ᠤᠨ ᠠᠶᠠᠨᠴᠢᠨ ᠤ ᠵᠦᠬᠡᠬᠡᠪᠤᠷᠢ ᠶ᠋ᠢᠨ ᠲᠤᠰᠬᠠᠢ ᠱᠤᠭᠤᠮ ᠤᠨ ᠲᠦᠷᠬᠡᠨ ᠤ ᠲᠡᠮᠤᠷ ᠵᠠᠮ᠂ ᠱᠠ ᠯᠠᠩ ᠪᠠᠷᠠᠭᠠᠨ ᠤ ᠬᠦᠢᠯᠬᠡᠬᠡᠨ ᠤ ᠬᠦᠷᠢᠶᠠᠯᠠᠩ ᠲᠤᠭᠤᠷᠢᠬ᠂ ᠵᠡᠬᠡ ᠲᠦᠷᠬᠡᠨ ᠭᠤᠤᠯ ᠤᠨ ᠶᠠᠷᠤᠩᠬᠡᠶᠢᠯᠡᠨ ᠴᠡᠭᠴᠡᠯᠠᠨ ᠵᠠᠰᠠᠬᠤ ᠢᠨᠵᠸ᠋ᠨ᠋ᠸ᠋ᠷᠢᠩ᠂ ᠤᠳᠤ ᠦᠶ᠎ᠠ ᠶ᠋ᠢᠨ ᠲᠠᠷᠢᠶᠠᠯᠠᠩ ᠤᠨ ᠦᠵᠡᠮᠵᠢ ᠶ᠋ᠢᠨ ᠠᠵᠤ ᠤᠢᠯᠡᠰ᠂ ᠲᠤᠰᠬᠤᠨ ᠤ ᠲᠦᠷᠢ ᠲᠦᠷᠬᠦ ᠶ᠋ᠢᠨ ᠤᠷᠴᠢᠨ ᠲᠤᠭᠤᠷᠢᠨ ᠢ ᠶᠠᠷᠤᠩᠬᠡᠢᠯᠠᠨ ᠴᠡᠭᠴᠡᠯᠠᠨ ᠵᠠᠰᠠᠬᠤ ᠵᠡᠷᠬᠡ ᠲᠦᠷᠤᠯ ᠵᠤᠢᠯ ᠤᠨ ᠲᠤᠬᠠᠢ ᠶ᠋ᠢᠨ ᠲᠠᠯᠠᠪᠠᠢ ᠪᠠᠷ ᠲᠤᠭᠤᠷᠢᠨ ᠪᠠᠢᠴᠠᠭᠠᠪᠠ᠃ ᠲᠡᠷᠡ᠂ ᠬᠦᠬᠡᠬᠤᠳᠠ ᠶ᠋ᠢᠨ ᠬᠢᠨ ᠲᠦᠪ ᠬᠤᠳᠠ ᠶ᠋ᠢᠨ ᠤᠬᠠᠮᠰᠠᠷ ᠢᠶᠡᠨ ᠴᠢᠨᠠᠬᠰᠢᠳᠠ ᠴᠢᠩᠭᠠᠳᠬᠠᠵᠤ᠂ ᠠᠷᠠᠳ ᠲᠦᠮᠡᠨ ᠳ᠋ᠤ ᠤᠢᠯᠡᠴᠢᠯᠡᠬᠦ᠂ ᠦᠨᠳᠤᠰᠤᠨ ᠱᠠᠳᠤᠨ ᠳ᠋ᠤ ᠤᠢᠯᠡᠴᠢᠯᠡᠬᠦ᠂ ᠲᠡᠭᠡᠷ᠎ᠠ ᠱᠠᠳᠤᠨ ᠤ ᠪᠠᠶᠢᠭᠤᠯᠭ᠎ᠠ ᠳ᠋ᠤ ᠦᠢᠯᠡᠴᠢᠯᠡᠬᠦ᠂ ᠲᠦᠪ ᠬᠤᠷᠢᠶᠠᠨ ᠤ ᠬᠦᠬᠡᠬᠤᠳᠠ ᠳ᠋ᠤ ᠰᠠᠭᠤᠭ᠎ᠠ ᠨᠢᠬᠡᠴᠠ ᠳ᠋ᠤ ᠦᠢᠯᠡᠴᠢᠯᠡᠬᠦ《ᠲᠦᠷᠪᠡᠨ ᠦᠢᠯᠡᠴᠢᠯᠡᠬᠦ》ᠠᠵᠢᠯ ᠢ ᠰᠠᠶᠢᠳᠤᠷ ᠬᠢᠵᠤ᠂ ᠴᠢᠬᠤᠯᠠ ᠶᠡᠬᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ᠂ ᠠᠵᠤ ᠤᠢᠯᠡᠰ ᠤᠨ ᠬᠦᠭᠵᠢᠯᠳᠠ ᠶ᠋ᠢᠨ ᠵᠠᠭᠪᠤᠷ ᠢ ᠦᠬᠡᠷᠡᠴᠢᠯᠡᠵᠤ ᠵᠡᠷᠬᠡᠯᠡᠯ ᠲᠡᠪᠰᠢᠬᠦᠯᠬᠦ᠂ ᠰᠢᠨ᠎ᠠ ᠶ᠋ᠢ ᠡᠬᠦᠳᠴᠤ ᠦᠢᠯᠡᠰ ᠪᠤᠰᠬᠠᠬᠤ᠂ ᠦᠬᠡᠷᠡᠴᠢᠯᠠᠯᠳᠠ ᠨᠡᠬᠡᠬᠡᠯᠳᠠ᠂ ᠠᠷᠠᠳ ᠤᠨ ᠠᠮᠢᠳᠤᠷᠠᠯ ᠤᠨ ᠦᠢᠯᠡᠰ ᠪᠤᠯᠤᠨ ᠨᠡᠶᠢᠬᠡᠮ ᠤᠨ ᠲᠤᠭᠳᠠᠭᠤᠨ ᠤ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠤᠷᠤᠨ ᠲᠠᠶᠠᠭᠠᠷ ᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠠ ᠶ᠋ᠢᠨ ᠰᠠᠶᠢᠨ ᠲᠠᠭᠠᠭᠤᠯᠤᠬᠴᠢ ᠪᠤᠯᠵᠤ᠂ ᠲᠦᠪ ᠬᠤᠳᠠ ᠶ᠋ᠢᠨ ᠲᠠᠭᠠᠭᠤᠯᠬᠤ ᠪᠠ ᠵᠢᠱᠢᠶ᠎ᠠ ᠦᠵᠡᠬᠦᠯᠬᠦ ᠦᠢᠯᠡᠳᠤᠯ ᠢᠶᠡᠨ ᠬᠦᠢᠴᠡᠳ ᠪᠠᠳᠠᠷᠠᠭᠤᠯᠵᠤ᠂ ᠤᠷᠤᠨ ᠲᠠᠶᠠᠭᠠᠷ ᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠠ ᠶ᠋ᠢᠨ ᠶᠡᠬᠡ ᠲᠠᠯ᠎ᠠ ᠳ᠋ᠤ ᠨᠡᠩ ᠰᠠᠶᠢᠨ ᠦᠢᠯᠡᠴᠢᠯᠡᠬᠦ ᠭᠡᠷᠡᠭᠳᠠᠢ᠃ ᠦᠨᠳᠤᠷ ᠭᠠᠷᠤᠭ᠎ᠠ ᠲᠠᠢ ᠲᠦᠯᠤᠪᠵᠢᠬᠦᠯᠬᠡ᠂ ᠦᠨᠳᠤᠷ ᠪᠠᠷᠢᠮᠵᠢᠶ᠎ᠠ ᠲᠠᠢ ᠪᠦᠳᠤᠬᠡᠨ ᠪᠠᠶᠢᠭᠤᠯᠤᠯᠳᠠ᠂ ᠦᠨᠳᠤᠷ ᠬᠦᠴᠤᠯᠠᠴᠠ ᠲᠠᠢ ᠤᠷᠤᠭᠤᠯᠤᠯᠳᠠ᠂ ᠦᠨᠳᠤᠷ ᠠᠰᠢᠬ ᠲᠠᠢ ᠬᠠᠮᠢᠶᠠᠷᠤᠯᠳᠠ᠂ ᠦᠨᠳᠤᠷ ᠲᠦᠪᠰᠢᠨ ᠲᠠᠢ ᠡᠵᠡᠩᠨᠡᠯᠳᠠ ᠶ᠋ᠢ ᠪᠠᠷᠢᠮᠳᠠᠯᠠᠵᠤ᠂ ᠨᠡᠩ ᠠᠮᠢᠵᠢᠷᠠᠯ ᠤᠨ ᠬᠦᠴᠤᠨ ᠲᠠᠢ᠂ ᠨᠡᠩ ᠭᠤᠶᠤ ᠰᠠᠶᠢᠬᠠᠨ᠂ ᠨᠡᠩ ᠡᠶ᠎ᠠ ᠵᠤᠬᠢᠴᠠᠩᠭᠤᠢ ᠤᠳᠤ ᠦᠶ᠎ᠠ ᠶ᠋ᠢᠨ ᠲᠦᠪ ᠬᠤᠳᠠ ᠶ᠋ᠢ ᠴᠢᠷᠮᠠᠶᠢᠨ ᠪᠦᠳᠤᠬᠡᠨ ᠪᠠᠢᠭᠤᠯᠬᠤ ᠭᠡᠷᠡᠭᠳᠠᠢ᠃ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶ᠋ᠢ ᠤᠬᠠᠭᠤᠯᠬᠤ ᠪᠠᠷ ᠬᠦᠳᠡᠯᠬᠡᠬᠦ ᠬᠦᠴᠤᠨ ᠪᠤᠯᠭᠠᠵᠤ᠂ ᠴᠢᠬᠤᠯᠠ ᠲᠠᠯᠠᠪᠠᠢ ᠤᠷᠳᠤᠨ ᠤ ᠪᠦᠳᠤᠬᠡᠨ ᠪᠠᠶᠢᠭᠤᠯᠤᠯᠳᠠ ᠶ᠋ᠢᠨ ᠠᠬᠢᠴᠠ ᠶ᠋ᠢ ᠲᠦᠷᠬᠡᠳᠬᠡᠵᠤ᠂ ᠬᠤᠳᠠ ᠶ᠋ᠢᠨ ᠤᠷᠴᠢᠨ ᠲᠤᠭᠤᠷᠢᠨ ᠤ ᠶᠠᠷᠤᠩᠬᠡᠶᠢᠯᠡᠭᠰᠡᠨ ᠴᠡᠭᠴᠡᠯᠠᠯᠳᠠ ᠰᠠᠶᠢᠵᠢᠷᠠᠭᠤᠯᠤᠯᠳᠠ ᠶ᠋ᠢ ᠴᠢᠷᠮᠠᠶᠢᠨ ᠰᠠᠶᠢᠳᠤᠷ ᠠᠳᠬᠤᠵᠤ᠂ ᠡᠳ᠋ ᠤᠨ ᠵᠠᠰᠠᠭ ᠨᠡᠶᠢᠬᠡᠮ ᠤᠨ ᠲᠤᠭᠳᠠᠭᠤᠨ ᠡᠷᠡᠬᠦᠯ ᠬᠦᠭᠵᠢᠯᠳᠠ ᠶ᠋ᠢ ᠠᠬᠢᠭᠤᠯᠵᠤ᠂ ᠡᠨᠡ ᠵᠢᠯ ᠤᠨ ᠡᠯ᠎ᠠ ᠵᠤᠢᠯ ᠤᠨ ᠬᠠᠷᠠᠯᠳᠠ ᠡᠬᠦᠷᠬᠡ ᠶ᠋ᠢ ᠪᠦᠬᠦ ᠲᠠᠯ᠎ᠠ ᠪᠠᠷ ᠬᠦᠢᠴᠡᠳᠬᠡᠬᠦ ᠶ᠋ᠢ ᠪᠠᠳᠤᠯᠠᠵᠤ᠂ 《13·5》ᠬᠦᠭᠵᠢᠯᠳᠠ ᠶ᠋ᠢᠨ ᠰᠠᠶᠢᠨ ᠡᠬᠢᠯᠡᠯᠳᠠ ᠶ᠋ᠢ ᠴᠢᠷᠮᠠᠶᠢᠨ ᠪᠡᠶᠡᠯᠡᠬᠦᠯᠵᠤ᠂ ᠰᠢᠯᠢᠳᠡᠭ ᠬᠢᠷᠢ ᠪᠦᠳᠤᠮᠵᠢ ᠪᠠᠷ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠤᠯᠤᠨ ᠨᠠᠮ ᠤᠨ ᠠᠷᠪᠠ ᠶᠢᠰᠤᠳᠤᠭᠡᠷ ᠶᠡᠬᠡ ᠬᠤᠷᠠᠯ ᠢ ᠤᠬᠳᠤᠬᠤ ᠭᠡᠷᠡᠭᠳᠠᠢ ᠬᠡᠵᠤ ᠴᠢᠬᠤᠯᠠᠴᠢᠯᠠᠪᠠ᠃

    ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠨᠠᠰᠤᠨᠮᠦᠢᠩᠬᠡ᠂ ᠵᠠᠩ ᠶᠤᠸᠠᠨ ᠵᠦᠩ ᠨᠡᠷ ᠤᠬᠠᠭᠤᠯᠤᠨ ᠲᠠᠶᠢᠯᠪᠤᠷᠢᠯᠠᠬᠤ ᠳ᠋ᠤ ᠤᠷᠤᠯᠴᠠᠪᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701119893028