蒙古文网站Logo
ᠰᠢᠨᠬᠤᠸᠠ ᠮᠤᠩᠭ᠋ᠤᠯ ᠨᠧᠲ

ᠦᠪᠤᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠭᠡᠨ ᠤ ᠤᠤᠯ ᠤᠨ ᠳᠡᠳ᠋ ᠲᠡᠷᠢᠭᠦᠯᠡᠭᠴᠢ ᠵᠤᠤ ᠯᠢ ᠫᠢᠨᠭ᠌ ᠳᠤ ᠠᠯᠠᠬᠤ ᠶᠠᠯ᠎ᠠ ᠤᠨᠤᠭᠠᠯ᠎ᠠ

2016-11-11 15:15

    ᠰᠢᠨᠬᠤᠸᠠ ᠬᠤᠷᠢᠶ᠎ᠠ   ᠲᠠᠢᠢᠶᠤᠸᠠᠨ ᠤ 11 ᠰᠠᠷ ᠠ ᠶᠢᠨ 11 ᠤ ᠡᠳᠤᠷ ᠤᠨ ᠴᠠᠬᠢᠯᠭᠠᠨ ᠮᠡᠳᠡᠭᠡ᠂ 11 ᠤ ᠦᠳᠡ ᠶᠢᠨ ᠡᠮᠦᠨ᠎ᠡ ᠱᠠᠨ ᠰᠢ ᠮᠤᠵᠢ ᠶᠢᠨ ᠲᠠᠢᠢᠶᠦᠸᠠᠨ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢ ᠦᠪᠤᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠭᠡᠨ ᠤ ᠤᠤᠯ ᠤᠨ ᠳᠡᠳ᠋ ᠲᠡᠷᠢᠭᠦᠯᠡᠭᠴᠢ ᠵᠤᠤ ᠯᠢ ᠫᠢᠨᠭ᠌ ᠤᠨ ᠵᠤᠷᠢᠭᠤᠲᠠ ᠬᠦᠮᠦᠨ ᠠᠯᠠᠭᠰᠠᠨ᠂ ᠬᠡᠭᠡᠯᠢ ᠬᠠᠬᠤᠤᠯᠢ ᠢᠳᠡᠭᠰᠡᠨ᠂ ᠬᠠᠤᠯᠢ ᠪᠤᠰᠤ ᠪᠡᠷ ᠫᠤᠤ ᠰᠤᠮᠤ ᠡᠵᠡᠮᠳᠡᠭᠰᠡᠨ᠂ ᠳᠡᠯᠪᠡᠷᠡᠬᠦ ᠪᠤᠳᠠᠰ ᠬᠠᠳᠠᠭᠠᠯᠠᠭᠰᠠᠨ ᠵᠡᠷᠬᠡ ᠬᠡᠷᠡᠭ ᠲᠤ ᠠᠨᠭᠬᠠᠨ ᠤ ᠢᠯᠡ ᠰᠢᠭᠦᠯᠲᠡ ᠬᠢᠪᠡ᠃

    ᠰᠢᠬᠦᠨ ᠳᠠᠰᠤᠯᠤᠯᠳᠠ ᠪᠡᠷ᠂ ᠵᠤᠷᠢᠭᠤᠳᠠ ᠬᠦᠮᠦᠨ ᠠᠯᠠᠭᠰᠠᠨ ᠬᠡᠷᠡᠭ ᠢᠶᠡᠷ ᠵᠤᠤ ᠯᠢ ᠫᠢᠩ ᠳᠤ ᠠᠯᠠᠬᠤ ᠶᠠᠯ᠎ᠠ ᠤᠨᠤᠭᠠᠨ᠂ ᠤᠯᠤᠰ ᠲᠦᠷᠦ ᠶᠢᠨ ᠡᠷᠬᠡ ᠵᠢ ᠨᠢ ᠨᠠᠰᠤᠨ ᠡᠬᠦᠷᠢᠳᠡ ᠬᠠᠰᠤᠨ᠎ᠠ; ᠬᠡᠬᠡᠯᠢ ᠬᠠᠬᠤᠤᠯᠢ ᠢᠳᠡᠭᠰᠡᠨ ᠬᠡᠷᠡᠭ ᠢᠶᠡᠷ 15 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠵᠤ᠂ 200 ᠲᠦᠮᠡᠨ ᠲᠦᠭᠦᠷᠢᠭ᠌ ᠤᠨ ᠬᠤᠪᠢ ᠶᠢᠨ ᠡᠳ᠋ ᠬᠦᠷᠦᠨᠭ᠍ᠭᠡ ᠵᠢ ᠨᠢ ᠬᠤᠷᠢᠶᠠᠨ ᠠᠪᠤᠨ᠎ᠠ; ᠬᠠᠤᠯᠢ ᠪᠤᠰᠤ ᠪᠡᠷ ᠫᠤᠤ ᠰᠤᠮᠤ ᠡᠵᠡᠮᠳᠡᠭᠰᠡᠨ ᠬᠡᠷᠡᠭ ᠢᠶᠡᠷ 5 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠨ᠎ᠠ; ᠬᠠᠤᠯᠢ ᠪᠤᠰᠤ ᠪᠡᠷ ᠳᠡᠯᠪᠡᠷᠡᠬᠦ ᠪᠤᠳᠠᠰ ᠬᠠᠳᠠᠭᠠᠯᠠᠭᠰᠠᠨ ᠬᠡᠷᠡᠭ ᠢᠶᠡᠷ 3 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠨ᠎ᠠ ᠬᠡᠵᠤ ᠳᠤᠭᠳᠠᠪᠠ᠃ ᠡᠴᠤᠰ ᠲᠤ ᠨᠢ ᠠᠯᠠᠬᠤ ᠶᠠᠯ᠎ᠠ ᠶᠢ ᠬᠡᠷᠡᠭᠵᠢᠬᠦᠯᠬᠦ ᠪᠡᠷ ᠳᠤᠭᠳᠠᠵᠤ᠂ ᠤᠯᠤᠰ ᠳᠦᠷᠦ ᠶᠢᠨ ᠡᠷᠬᠡ ᠶᠢ ᠨᠢ ᠨᠠᠰᠤᠨ ᠡᠬᠦᠷᠢᠳᠡ ᠬᠠᠰᠤᠬᠤ ᠶᠢᠨ ᠵᠡᠷᠬᠡᠴᠡᠬᠡ 200 ᠲᠦᠮᠡᠨ ᠲᠦᠭᠦᠷᠢᠭ᠌ ᠤᠨ ᠬᠤᠪᠢ ᠶᠢᠨ ᠡᠳ᠋ ᠬᠦᠷᠦᠨᠭ᠍ᠭᠡ ᠵᠢ ᠨᠢ ᠬᠤᠷᠢᠶᠠᠵᠤ ᠠᠪᠬᠤ ᠪᠡᠷ ᠪᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119895144