蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ 10 ᠠᠯᠪᠠᠨ ᠳᠤᠰᠢᠶᠠᠯᠳᠠᠨ ᠪᠠᠶᠢᠴᠠᠭᠠᠭᠳᠠᠵᠤ ᠪᠠᠶᠢᠨ᠎ᠠ

2016-11-15 17:22

    ᠰᠢᠨᠬᠤᠧᠠ ᠬᠤᠷᠢᠶ᠎ᠠ   ᠬᠦᠬᠡᠬᠤᠳᠠ ᠶᠢᠨ 11 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠬᠡ   ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠢᠩᠭᠠᠨ ᠠᠶᠢᠮᠠᠭ ᠤᠨ ᠬᠤᠪᠢᠶᠠᠷᠢ ᠬᠤᠷᠢᠶ᠎ᠠ ᠡᠴᠡ ᠤᠶᠢᠯᠠᠭᠠᠭᠰᠠᠨ ᠢᠶᠡᠷ᠂ ᠤᠶᠢᠷ᠎ᠠ ᠶᠢᠨ ᠡᠳᠦᠷ ᠳᠤᠰ ᠬᠤᠷᠢᠶ᠎ᠠ ᠨᠢ ᠤᠯᠠᠭᠠᠨᠴᠠᠪ ᠬᠤᠳᠠ ᠶᠢᠨ ᠠᠪᠯᠢᠭᠠᠯ ᠤᠨ ᠬᠡᠷᠡᠭ ᠲᠤ ᠬᠤᠯᠪᠤᠭᠳᠠᠭᠰᠠᠨ 10 ᠠᠯᠪᠠᠨ ᠳᠤᠰᠢᠶᠠᠯᠳᠠᠨ ᠤ ᠬᠡᠷᠡᠭ ᠢ ᠳᠠᠩᠰᠠᠯᠠᠵᠤ ᠪᠠᠶᠢᠴᠠᠭᠠᠬᠤ ᠪᠡᠷ ᠪᠤᠯᠤᠭᠰᠠᠨ ᠪᠠᠶᠢᠨ᠎ᠠ᠃

    ᠡᠳᠡᠨᠡᠷ ᠨᠢ ᠤᠯᠠᠭᠠᠨᠴᠠᠪ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠯᠢ ᠮᠢᠨ (ᠵᠢᠩᠬᠢᠨᠢ ᠭᠠᠵᠠᠷ ᠤᠨ ᠳᠡᠰ)᠂ ᠤᠯᠠᠭᠠᠨᠴᠠᠪ ᠬᠤᠳᠠ ᠶᠢᠨ ᠡᠳ᠋ ᠤᠨ ᠵᠠᠰᠠᠭ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ ᠵᠠᠩ ᠸᠧᠨ ᠪᠢᠨ (ᠳᠡᠳ᠋ ᠭᠠᠵᠠᠷ ᠤᠨ ᠳᠡᠰ)᠂ ᠳᠦᠷᠪᠡᠳ ᠬᠤᠰᠢᠭᠤᠨ ᠤ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠳᠤᠪᠴᠢᠶᠠᠨ ᠤ ᠤᠤᠯ ᠤᠨ ᠳᠤᠪᠴᠢᠶᠠᠨ ᠳᠠᠷᠤᠭ᠎ᠠ ᠸᠠᠩ ᠱᠦ ᠮᠢᠩ (ᠵᠢᠩᠬᠢᠨᠢ ᠰᠠᠯᠠᠭᠠᠨ ᠳᠡᠰ)᠂ ᠤᠯᠠᠭᠠᠨᠴᠠᠪ ᠬᠤᠳᠠ ᠶᠢᠨ ᠵᠠᠮ ᠳᠡᠬᠡᠬᠡᠪᠦᠷᠢ ᠶᠢᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ ᠶᠠᠨ ᠵᠠᠨ ᠸᠧᠨ (ᠳᠡᠳ᠋ ᠭᠠᠵᠠᠷ ᠤᠨ ᠳᠡᠰ)᠂ ᠤᠯᠠᠭᠠᠨᠴᠠᠪ ᠬᠤᠳᠠ ᠶᠢᠨ ᠵᠠᠮ ᠳᠡᠬᠡᠬᠡᠪᠦᠷᠢ ᠶᠢᠨ ᠬᠠᠮᠢᠶᠠᠷᠤᠯᠳᠠ ᠶᠢᠨ ᠭᠠᠵᠠᠷ ᠤᠨ ᠳᠠᠷᠤᠭ᠎ᠠ ᠬᠦᠧᠧ ᠵᠢᠶᠠᠨ ᠲᠢᠩ (ᠳᠡᠳ᠋ ᠭᠠᠵᠠᠷ ᠤᠨ ᠳᠡᠰ)᠂ ᠤᠯᠠᠭᠠᠨᠴᠠᠪ ᠬᠤᠳᠠ ᠶᠢᠨ ᠬᠢᠯᠢ ᠶᠢᠨ ᠠᠦ᠋ᠲ᠋ᠤ‍ ᠵᠠᠮ ᠤᠨ ᠠᠷᠠᠴᠢᠯᠠᠭᠠᠨ ᠤ ᠪᠠᠭ ᠤᠨ ᠳᠠᠷᠤᠭ᠎ᠠ ᠴᠠᠩ ᠲᠢᠶᠠᠨ ᠰᠢ (ᠳᠡᠳ᠋ ᠭᠠᠵᠠᠷ ᠤᠨ ᠳᠡᠰ)᠂ ᠳᠦᠷᠪᠡᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠳᠡᠮᠦᠷᠪᠦ᠋ᠬᠡ (ᠳᠡᠳ᠋ ᠭᠠᠵᠠᠷ ᠤᠨ ᠳᠡᠰ)᠂ ᠳᠦᠷᠪᠡᠳ ᠬᠤᠰᠢᠭᠤᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠡᠾᠧᠩ ᠱᠠᠨ (ᠳᠡᠳ᠋ ᠭᠠᠵᠠᠷ ᠤᠨ ᠳᠡᠰ)᠂ ᠳᠦᠷᠪᠡᠳ ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠢᠤᠢ ᠶᠢᠤ ᠱᠧᠩ (ᠳᠡᠳ᠋ ᠭᠠᠵᠠᠷ ᠤᠨ ᠳᠡᠰ)᠂ ᠯᠢᠶᠠᠩ ᠴᠧᠩ ᠰᠢᠶᠠᠨ ᠤ ᠤᠯᠤᠰ ᠳᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠬᠠᠰᠮᠦ᠋ᠷᠡᠨ (ᠳᠡᠳ᠋ ᠭᠠᠵᠠᠷ ᠤᠨ ᠳᠡᠰ) ᠨᠠᠷ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119917967