蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠬᠠᠢ ᠬᠤᠳᠠ ᠪᠠᠶᠢᠭᠠᠯᠢ ᠤᠷᠴᠢᠨ ᠢ ᠡᠪᠳᠡᠭᠰᠡᠨ 137 ᠠᠵᠤ ᠠᠬᠤᠶᠢᠯᠠᠯ ᠢ ᠳᠤᠳᠤᠷᠠᠭᠤᠯᠪᠠ

2016-11-16 10:20

    ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠬᠠᠢ ᠬᠤᠳᠠ ᠶᠢᠨ ᠪᠠᠶᠢᠭᠠᠯᠢ ᠤᠷᠴᠢᠨ ᠤ ᠪᠠᠶᠢᠭᠤᠯᠤᠯᠭ᠎ᠠ ᠡᠴᠡ ᠤᠶᠢᠯᠠᠭᠠᠭᠰᠠᠨ ᠢᠶᠡᠷ᠂ ᠡᠨᠡ ᠵᠢᠯ ᠤᠨ 1-10 ᠰᠠᠷ᠎ᠠ ᠳᠤ ᠦᠬᠠᠢ ᠬᠤᠳᠠ ᠨᠢ ᠪᠠᠶᠢᠭᠠᠯᠢ ᠤᠷᠴᠢᠨ ᠢ ᠡᠪᠳᠡᠭᠰᠡᠨ 137 ᠠᠵᠤ ᠠᠬᠤᠶᠢᠯᠠᠯ ᠢ ᠳᠤᠳᠤᠷᠠᠭᠤᠯᠵᠤ᠂ 1419 ᠳᠦᠮᠡᠨ ᠳᠦᠬᠦᠷᠢᠭ ᠢᠶᠡᠷ ᠳᠤᠷᠭᠠᠵᠠᠢ᠃

    ᠦᠬᠠᠢ ᠬᠤᠳᠠ ᠶᠢᠨ ᠬᠠᠤᠯᠢ ᠬᠡᠷᠡᠭᠵᠢᠬᠦᠯᠬᠦ ᠪᠠᠶᠢᠭᠤᠯᠤᠯᠭ᠎ᠠ ᠨᠤᠭᠤᠳ ᠨᠢ ᠪᠠᠷᠢᠮᠵᠢᠶᠠᠨ ᠡᠴᠡ ᠬᠡᠳᠦᠷᠡᠭᠰᠡᠨ ᠪᠤᠬᠢᠷ ᠪᠤᠳᠠᠰ ᠢ ᠭᠠᠳᠠᠭᠰᠢᠯᠠᠭᠤᠯᠬᠤ᠂ ᠠᠭᠤᠯᠠ ᠠᠭᠤᠷᠬᠠᠢ ᠶᠢᠨ ᠮᠠᠯᠳᠠᠯᠭ᠎ᠠ ᠶᠢᠨ ᠰᠢᠷᠤᠢ ᠶᠢ ᠶᠡᠬᠡᠪᠡᠷ ᠤᠪᠤᠭᠠᠯᠠᠬᠤ᠂ ᠪᠠᠷᠢᠯᠭ᠎ᠠ ᠪᠠᠶᠢᠭᠤᠯᠤᠮᠵᠢ ᠶᠢᠨ ᠵᠦᠬᠡᠬᠡᠪᠦᠷᠢᠯᠡᠯᠳᠡ ᠳᠤᠮᠳᠠᠬᠢ ᠬᠤᠭ ᠳᠤᠭᠤᠰᠤ᠂ ᠨᠡᠬᠦᠷᠡᠰᠦ ᠰᠢᠳᠠᠭᠠᠯᠭ᠎ᠠ᠂ ᠨᠡᠬᠦᠷᠡᠰᠦᠨ ᠤ ᠵᠠᠨᠠᠷ ᠦᠪᠡᠷ ᠢᠶᠡᠨ ᠰᠢᠳᠠᠬᠤ ᠵᠡᠷᠬᠡ ᠡᠴᠡ ᠪᠤᠯᠵᠤ ᠪᠠᠶᠢᠭᠠᠯᠢ ᠤᠷᠴᠢᠨ ᠳᠤ ᠦᠵᠡᠬᠦᠯᠦᠭᠰᠡᠨ ᠰᠦᠬᠡᠷᠬᠦ ᠨᠦᠯᠦᠬᠡ ᠶᠢ ᠶᠡᠬᠡᠪᠡᠷ ᠬᠢᠨᠠᠨ ᠰᠢᠯᠭᠠᠬᠤ ᠶᠢᠨ ᠵᠡᠷᠬᠡᠴᠡᠬᠡ ᠠᠵᠤ ᠦᠢᠯᠡᠳᠪᠦᠷᠢ ᠶᠢᠨ ᠬᠦᠷᠢᠶᠡᠯᠡᠩ ᠤᠨ ᠳᠡᠳ᠋ ᠪᠦᠳᠦᠴᠡ ᠶᠢᠨ ᠪᠠᠶᠢᠭᠤᠯᠤᠯᠳᠠ ᠶᠢ ᠰᠠᠶᠢᠵᠢᠷᠠᠭᠤᠯᠪᠠ᠃ ᠡᠬᠦᠨ ᠤ ᠵᠡᠷᠬᠡᠴᠡᠬᠡ ᠠᠵᠤ ᠦᠢᠯᠡᠰ ᠤᠨ ᠪᠦᠳᠦᠴᠡ ᠳᠤ ᠳᠤᠬᠢᠷᠠᠭᠤᠯᠤᠯᠳᠠ ᠬᠢᠵᠤ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠬᠢ ᠶᠢ ᠬᠡᠷᠡᠭ ᠡᠴᠡ ᠭᠠᠷᠭᠠᠵᠤ᠂ ᠤᠭ ᠦᠨᠳᠦᠰᠦᠨ ᠡᠴᠡ ᠨᠢ ᠪᠤᠬᠢᠷᠳᠤᠯ ᠢ ᠵᠠᠰᠠᠵᠠᠢ᠃

    ᠡᠨᠡ ᠵᠢᠯ ᠤᠨ 1-10 ᠰᠠᠷ᠎ᠠ ᠳᠤ ᠦᠬᠠᠢ ᠬᠤᠳᠠ ᠶᠢᠨ ᠠᠭᠠᠷ ᠤᠨ ᠴᠢᠨᠠᠷ ᠰᠠᠶᠢᠨ ᠡᠳᠦᠷ 239 ᠪᠠᠶᠢᠵᠤ ᠪᠠᠷᠢᠮᠵᠢᠶᠠᠨ ᠳᠤ ᠬᠦᠷᠦᠭᠰᠡᠨ ᠨᠤᠷᠮ᠎ᠠ ᠨᠢ 78.9% ᠬᠦᠷᠴᠠᠢ᠃ ᠡᠨᠡ ᠨᠢ ᠦᠩᠬᠡᠷᠡᠭᠰᠡᠨ ᠤ ᠬᠢ ᠡᠴᠡ 39 ᠡᠳᠦᠷ ᠢᠯᠡᠬᠦᠦ ᠪᠠᠶᠢᠵᠤ᠂ 11.3% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119922283