蒙古文网站Logo
ᠰᠢᠨᠬᠤᠸᠠ ᠮᠤᠩᠭ᠋ᠤᠯ ᠨᠧᠲ

ᠲᠦᠡᠭᠯᠢᠶᠤᠤ ᠬᠤᠳᠠ ᠮᠤᠩᠭᠤᠯ ᠬᠢᠳᠠᠳ ᠬᠤᠤᠰ ᠬᠡᠯᠡᠡ ᠤ ᠬᠠᠤᠯᠢᠴᠢ ᠬᠦᠮᠦᠵᠢᠬᠦᠯᠵᠤ ᠪᠤᠢ

2016-11-16 10:41

    ᠰᠤᠷᠪᠤᠯᠵᠢᠯᠠᠬᠴᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠠᠴᠠ ᠤᠢᠢᠯᠠᠭᠠᠬᠰᠠᠨ ᠢᠶᠠᠷ᠂ ᠤᠢᠢᠷ᠎ᠠ ᠳᠤ ᠲᠦᠡᠭᠯᠢᠶᠤᠤ ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠦᠪᠤᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠳᠤ ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠶᠢᠨ ᠪᠤᠯᠪᠠᠰᠤᠷᠠᠯ ᠤᠨ ᠠᠩᠭᠢ ᠡᠷᠬᠢᠯᠡᠵᠦ᠂ ᠬᠤᠳᠠ ᠲᠠᠶᠠᠭᠠᠷ ᠤᠨ 35 ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠡᠨᠡᠬᠦ ᠪᠤᠯᠪᠠᠰᠤᠷᠠᠯ ᠳᠤ ᠤᠷᠤᠯᠴᠠᠪᠠ᠃

    ᠲᠤᠰ ᠣᠳᠠᠭ᠎ᠠ ᠶᠢᠨ ᠪᠤᠯᠪᠠᠰᠤᠷᠠᠯ ᠳᠤ ᠦᠪᠤᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠤᠯᠤᠰ ᠲᠦᠷᠦ ᠬᠠᠤᠯᠢ ᠴᠠᠭᠠᠵᠠ ᠪᠠ ᠲᠡᠤᠭᠡ ᠶᠢᠨ ᠲᠡᠭᠡᠳᠤ ᠰᠤᠷᠭᠠᠭᠤᠯᠢ᠂ ᠲᠦᠡᠭᠯᠢᠶᠤᠤ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠤᠯᠢ ᠲᠦᠷᠢᠮ ᠤᠨ ᠰᠠᠯᠪᠤᠷᠢ ᠠᠩᠭᠢ᠂ ᠦᠪᠤᠷ ᠮᠤᠩᠭᠤᠯ ᠤᠨ ᠮᠦᠩᠬᠡ ᠭᠠᠯ ᠬᠠᠤᠯᠢᠴᠢ ᠶᠢᠨ ᠬᠡᠷᠡᠭ ᠡᠷᠬᠢᠯᠡᠭᠦ ᠭᠠᠵᠠᠷ ᠤᠨ ᠲᠤᠰᠬᠠᠢ ᠮᠡᠷᠭᠡᠵᠢᠯᠳᠠᠳ 《ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠨᠤᠯ》᠂《ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠤᠯᠢᠴᠢ ᠶᠢᠨ ᠠᠵᠢᠯ ᠲᠠᠢ ᠬᠤᠯᠪᠤᠬᠳᠠᠬᠤ ᠬᠠᠮᠢᠶ᠎ᠠ ᠪᠦᠭᠦᠢ ᠵᠦᠢᠯᠡᠰ》᠂《ᠮᠤᠩᠭᠤᠯ ᠢᠶᠠᠷ ᠵᠠᠷᠭᠤ ᠬᠢᠬᠦ ᠶᠢᠨ ᠠᠴᠢ ᠬᠤᠯᠪᠣᠭᠳᠠᠯ》 ᠵᠡᠷᠭᠡ ᠠᠭᠤᠯᠭ᠎ᠠ ᠪᠠᠷ ᠲᠤᠰᠬᠠᠢ ᠰᠡᠳᠦᠪᠳᠤ ᠬᠢᠴᠢᠶᠡᠯ ᠲᠠᠶᠢᠯᠤᠮᠵᠢ ᠬᠢᠵᠠᠢ᠃ ᠪᠤᠯᠪᠠᠰᠤᠷᠠᠯ ᠲᠡᠭᠡᠷ᠎ᠡ ᠬᠢᠴᠢᠶᠠᠯ ᠣᠷᠣᠭᠰᠠᠨ ᠪᠠᠭᠰᠢ ᠨᠠᠷ ᠠᠮᠢᠳᠤ ᠴᠣᠪᠣᠭᠤᠯᠢᠭ ᠬᠡᠯᠡ ᠬᠡᠯᠡᠯᠭᠡ᠂ ᠵᠦᠪ ᠤᠨᠤᠪᠴᠢᠳᠠᠢ ᠲᠤᠰᠬᠠᠢ ᠮᠡᠷᠭᠡᠵᠢᠯ ᠤᠨ ᠤᠨᠤᠯ᠂ ᠡᠯᠪᠡᠭ᠌ ᠪᠠᠶᠠᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠠ ᠪᠠᠷ ᠮᠤᠩᠭᠤᠯ ᠬᠢᠳᠠᠳ ᠬᠤᠤᠰ ᠬᠡᠯᠡ ᠪᠠᠷ ᠵᠠᠷᠭᠤ ᠵᠠᠭᠠᠯᠳᠤᠯᠭ᠎ᠠ ᠬᠢᠬᠦ ᠶᠢᠨ ᠪᠤᠳᠠᠳᠤ ᠠᠴᠢ ᠬᠤᠯᠪᠤᠬᠳᠠᠯ ᠢ ᠨᠠᠷᠢᠯᠢᠬ ᠲᠤᠭᠠᠴᠢᠨ ᠦᠭᠦᠯᠡᠵᠦ᠂ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠤᠯᠢᠴᠢ ᠶᠢᠨ ᠠᠵᠢᠯ ᠲᠠᠢ ᠬᠤᠯᠪᠤᠬᠳᠠᠬᠰᠠᠨ ᠬᠠᠮᠢᠶ᠎ᠠ ᠪᠦᠭᠦᠢ ᠵᠦᠢᠯᠡᠰ ᠢ ᠲᠤᠳᠤᠷᠬᠠᠢᠢᠯᠠᠨ ᠦᠭᠴᠦ᠂ ᠪᠤᠯᠪᠠᠰᠤᠷᠠᠯ ᠳᠤ ᠤᠷᠤᠯᠴᠠᠬᠰᠠᠨ ᠰᠤᠷᠤᠯᠭᠠᠳᠠᠳ ᠲᠠᠢ ᠭᠠᠵᠠᠷ ᠳᠡᠬᠡᠷ᠎ᠡ ᠨᠢ ᠰᠠᠨᠠᠯ  ᠪᠣᠳᠣᠯ ᠢᠶᠠᠨ ᠰᠤᠯᠢᠯᠴᠠᠵᠠᠢ᠃

    ᠪᠤᠯᠪᠠᠰᠤᠷᠠᠯ ᠨᠢ ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠶᠢᠨ ᠠᠵᠢᠯ ᠤᠨ ᠬᠦᠭᠵᠢᠯᠳᠠ ᠶᠢᠨ ᠴᠢᠭᠯᠡᠯ ᠢ ᠲᠤᠳᠤᠷᠬᠠᠢᠢᠯᠠᠵᠦ᠂ ᠮᠤᠩᠭᠤᠯ ᠬᠡᠯᠡᠨ ᠤ ᠵᠠᠷᠭᠤ ᠵᠠᠭᠠᠯᠳᠤᠯᠭ᠎ᠠ ᠶᠢᠨ ᠠᠵᠢᠯ ᠤᠨ ᠪᠤᠯᠪᠠᠰᠤᠷᠠᠯ ᠢ ᠬᠠᠮᠠᠭᠠᠯᠠᠬᠤ ᠪᠠ ᠬᠦᠭᠵᠢᠭᠦᠯᠭᠦ ᠪᠤᠯᠪᠠᠰᠤᠷᠠᠯ ᠤᠨ ᠤᠢᠢᠯᠠᠭᠠᠬᠳᠠᠬᠤᠨ ᠢ ᠪᠤᠢ ᠪᠤᠯᠭᠠᠵᠦ᠂ ᠤᠷᠤᠨ ᠨᠤᠳᠤᠬ ᠤᠨ ᠤᠨᠴᠠᠯᠢᠭ᠂ ᠤᠨᠤᠯ ᠦᠢᠯᠡᠳᠦᠯᠭᠡ ᠬᠠᠷᠢᠯᠴᠠᠨ ᠤᠶᠠᠯᠳᠤᠬᠰᠠᠨ ᠪᠤᠯᠪᠠᠰᠤᠷᠠᠯ ᠤᠨ ᠵᠤᠷᠢᠯᠳᠠ ᠶᠢ ᠲᠤᠪᠤᠶᠢᠯᠭᠠᠵᠦ᠂ ᠬᠤᠶᠢᠰᠢᠳᠠ ᠶᠢᠨ ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠶᠢᠨ ᠠᠵᠢᠯ ᠤᠨ ᠬᠦᠭᠵᠢᠯᠳᠠ ᠳᠤ ᠪᠠᠳᠤ ᠰᠠᠭᠤᠷᠢ ᠲᠠᠯᠪᠢᠵᠦ ᠦᠭᠴᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119922637