蒙古文网站Logo
ᠰᠢᠨᠬᠤᠸᠠ ᠮᠤᠩᠭ᠋ᠤᠯ ᠨᠧᠲ

ᠤᠯᠠᠨ ᠲᠦᠮᠡᠨ ᠤ ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠵᠢ ᠬᠡᠨ ᠴᠤ ᠬᠤᠷᠢᠬᠯᠠᠵᠦ ᠪᠤᠯᠬᠤ ᠦᠭᠡᠢ

2016-11-18 17:18

    ᠰᠢᠨᠬᠤᠸᠠ ᠬᠤᠷᠶᠢ᠎ᠠ  ᠪᠡᠭᠡᠵᠢᠩ ᠤᠨ 11 ᠰᠠᠷ᠎ᠠ ᠶᠢᠨ 17 ᠤ᠋ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠰᠢᠶᠠᠩ ᠶᠠᠩ) ᠤᠶᠢᠷ᠎ᠠ ᠶᠢᠨ ᠡᠳᠦᠷ ᠰᠧᠴᠤᠸᠠᠨ ᠮᠤᠵᠢ ᠶᠢᠨ ᠶᠦᠧᠧ ᠤᠤᠢ ᠰᠢᠶᠠᠨ ᠤ ᠢᠷᠭᠡᠨ ᠶᠠᠩ ᠲᠢᠶᠠᠨ ᡁᠢ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠬᠦᠯᠢᠶᠡᠨ ᠠᠪᠤᠯᠳᠠ ᠶᠢᠨ ᠭᠠᠵᠠᠷ ᠤᠨ ᠬᠠᠪᠢ ᠳ᠋ᠦ ᠵᠠᠩ ᠤᠪᠤᠬᠳᠠᠨ ᠵᠡᠷᠭᠡ ᠬᠡᠷᠡᠭ ᠤᠨ ᠰᠡᠵᠢᠭ᠍ᠲᠡᠨ ᠳᠤ ᠮᠡᠬᠡᠯᠡᠭᠳᠡᠨ ᠠᠯᠪᠠᠳᠠᠯᠭ᠎ᠠ ᠪᠡᠷ ᠨᠤᠲᠤᠬ ᠪᠤᠴᠠᠵᠦ ᠦᠬᠦᠭ᠍ᠰᠡᠨ ᠬᠡᠷᠡᠭ ᠨᠡᠶᠢᠭᠡᠮ ᠨᠡᠶᠢᠲᠡ ᠶᠢᠨ ᠠᠨᠭᠬᠠᠷᠤᠯ ᠳᠤ ᠶᠡᠬᠡᠪᠷ ᠬᠦᠷᠴᠦ ᠪᠢᠯᠡ᠃ ᠰᠤᠷᠪᠤᠯᠵᠢᠯᠠᠬᠴᠢ 17 ᠤ᠋ ᠡᠳᠦᠷ ᠤᠶᠢᠯᠠᠭᠠᠬᠰᠠᠨ ᠢᠶᠡᠷ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠡᠨᠡᠬᠦ ᠬᠡᠷᠡᠭ ᠢ ᠶᠡᠬᠡᠪᠡᠷ ᠴᠢᠬᠤᠯᠠᠴᠢᠯᠠᠵᠦ᠂ ᠰᠧᠴᠤᠸᠠᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠡᠴᠡ ᠬᠡᠷᠡᠭ ᠢ ᠤᠬᠤᠷᠬᠠᠨ ᠬᠤᠭᠤᠴᠠᠭᠠᠨ ᠳᠤ ᠰᠢᠯᠭᠠᠨ ᠳᠤᠳᠤᠯᠠᠬᠤ ᠶᠢ ᠱᠠᠭᠠᠷᠳᠠᠬᠰᠠᠨ ᠳᠡᠳᠦᠢ ᠦᠬᠡᠢ ᠬᠤᠯᠪᠤᠬᠳᠠᠬᠤ ᠠᠯᠪᠠᠨ ᠢ ᠬᠠᠤᠯᠢ ᠶᠢᠨ ᠳᠠᠭᠠᠤ ᠵᠤᠬᠢᠰᠲᠠᠢ ᠰᠢᠢᠳᠪᠤᠷᠢᠯᠠᠬᠦ ᠬᠡᠷᠡᠭᠲᠡᠢ ᠭᠡᠵᠡᠢ᠃

    ᠡᠨᠡ ᠪᠤᠯ ᠬᠦᠨᠳᠦ ᠡᠷᠡᠭᠦᠦ ᠶᠢᠨ ᠬᠡᠷᠡᠭ ᠮᠦᠨ᠂ ᠪᠠᠰᠠ ᠲᠤᠬᠠᠢ ᠶᠢᠨ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠪᠤᠯᠤᠨ ᠬᠤᠯᠪᠤᠬᠳᠠᠬᠤ ᠠᠯᠪᠠᠨ ᠳᠤ ᠬᠠᠤᠯᠢ ᠪᠡᠷ ᠵᠠᠰᠠᠬᠤ ᠲᠠᠨᠢᠯᠲᠠ ᠲᠤᠳᠠᠮᠠᠬ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠵᠢ ᠪᠠᠲᠤᠳᠠᠢ ᠲᠤᠤᠱᠯᠠᠭᠤᠯᠤᠬᠰᠠᠨ ᠦᠭᠡᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠵᠢ ᠬᠦᠨᠳᠦ ᠨᠤᠴᠢᠲᠠᠢ ᠵᠦᠷᠢᠴᠡᠭᠰᠡᠨ ᠵᠡᠷᠭᠡ ᠠᠰᠠᠭᠤᠳᠠᠯ ᠤᠷᠤᠰᠢᠵᠤ ᠪᠠᠶᠢᠭ᠎ᠠ ᠵᠢ ᠬᠠᠷᠠᠭᠤᠯᠵᠦ ᠪᠠᠶᠢᠨ᠎ᠠ᠃ ᠡᠷᠬᠡᠪᠰᠢ ᠴᠢᠨᠭᠭ᠎ᠠ ᠰᠤᠷᠭᠠᠮᠵᠢ ᠠᠪᠴᠤ᠂ ᠬᠦᠴᠦᠲᠡᠢ ᠪᠤᠳᠤᠯᠭ᠎ᠠ ᠬᠡᠷᠡᠭᠵᠢᠭᠦᠯᠦᠨ᠂ ᠡᠶᠢᠮᠦᠷᠬᠦ ᠤᠴᠢᠷ ᠳᠠᠬᠢᠨᠲᠠ ᠡᠭᠦᠰᠬᠦ ᠦᠭᠡᠢ ᠪᠠᠶᠢᠬᠤ ᠵᠢ ᠪᠠᠲᠤᠯᠠᠬᠤ ᠬᠡᠷᠡᠭᠲᠡᠢ᠃ ᠤᠯᠠᠨ ᠲᠦᠮᠡᠨ ᠵᠠᠬᠢᠳᠠᠯ ᠰᠤᠷᠪᠤᠯᠵᠢᠯᠠᠭ᠎ᠠ ᠪᠡᠷ ᠳᠠᠮᠵᠢᠨ ᠠᠰᠠᠭᠤᠳᠠᠯ ᠢ ᠲᠤᠰᠬᠠᠬᠤ ᠨᠢ ᠦᠨᠳᠦᠰᠦᠨ ᠬᠠᠤᠯᠢ ᠡᠴᠡ ᠠᠷᠠᠳ ᠲᠦᠮᠡᠨ ᠳᠤ ᠤᠯᠭᠤᠬᠰᠠᠨ ᠡᠷᠭᠡ ᠮᠦᠨ᠃ ᠶᠠᠮᠠᠷ ᠨᠢᠭᠡᠨ ᠬᠤᠪᠢ ᠬᠦᠮᠦᠨ ᠪᠤᠶᠤ ᠵᠤᠬᠢᠶᠠᠨ ᠪᠠᠶᠢᠭᠤᠯᠤᠯᠲᠠ ᠶᠠᠮᠠᠷᠪᠠ ᠰᠢᠯᠲᠠᠭᠠᠨ ᠪᠠ ᠬᠡᠯᠪᠡᠷᠢ ᠪᠡᠷ ᠤᠯᠠᠨ ᠲᠦᠮᠡᠨ ᠤ ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠵᠢ ᠬᠤᠷᠢᠬᠯᠠᠵᠦ ᠦᠯᠦ ᠪᠤᠯᠤᠨ᠎ᠠ᠂ ᠬᠡᠷᠪᠡ ᠬᠤᠷᠢᠬᠯᠠᠭᠠᠳ ᠮᠡᠳᠡᠭᠳᠡᠬᠦ ᠳᠤ ᠬᠦᠷᠪᠡᠯ ᠬᠠᠤᠯᠢ ᠶᠢᠨ ᠳᠠᠭᠠᠤ ᠴᠢᠨᠭᠭ᠎ᠠ ᠰᠢᠢᠳᠬᠡᠨ᠎ᠡ ᠭᠡᠵᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠢᠯᠡᠷᠬᠡᠶᠢᠯᠡᠪᠡ᠃

    ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠨᠢᠭᠡᠨᠲᠡ ᠤᠯᠤᠰ ᠳᠠᠶᠠᠭᠠᠷ ᠤᠨ ᠵᠠᠬᠢᠳᠠᠯ ᠰᠤᠷᠪᠤᠯᠵᠢᠯᠠᠭ᠎ᠠ ᠶᠢᠨ ᠰᠢᠰᠲ᠋ᠧᠮ ᠳᠤ ᠮᠡᠳᠡᠭᠳᠡᠯ ᠵᠠᠷᠯᠠᠵᠦ᠂ ᠡᠯ᠎ᠡ ᠤᠷᠤᠨ ᠨᠤᠲᠤᠬ ᠤᠨ ᠬᠢᠨ ᠲᠦᠪ ᠤᠨ ᠱᠠᠭᠠᠷᠳᠠᠯᠭ᠎ᠠ ᠪᠠ 《ᠵᠠᠬᠢᠳᠠᠯ ᠰᠤᠷᠪᠤᠯᠵᠢᠯᠠᠭ᠎ᠠ ᠶᠢᠨ ᠵᠤᠷᠪᠤᠰ》 ᠤ᠋ᠨ ᠲᠤᠬᠲᠠᠭᠠᠯ ᠳᠠᠭᠠᠤ ᠳᠤᠰ ᠠᠵᠢᠯ ᠤᠨ ᠬᠠᠷᠢᠭᠤᠴᠠᠯᠭ᠎ᠠ ᠪᠠᠨ ᠬᠢᠨᠠᠮᠠᠭᠠᠢ ᠲᠤᠤᠱᠯᠠᠭᠤᠯᠵᠦ᠂ ᠰᠠᠬᠢᠯᠭ᠎ᠠ ᠪᠠᠲᠤ ᠪᠠᠨ ᠴᠢᠨᠭᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠶᠤᠰᠤᠭᠠᠷ᠂ ᠳᠦᠷᠢᠮ ᠭᠤᠷᠢᠮ ᠲᠠᠢ ᠦᠷᠨᠢᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠵᠢ ᠠᠰᠢᠬᠯᠠᠨ ᠠᠰᠢᠬ ᠬᠦᠷᠲᠡᠭᠰᠡᠨ᠂ ᠵᠠᠬᠢᠳᠠᠯ ᠢᠶᠡᠷ ᠰᠤᠷᠪᠤᠯᠵᠢᠯᠠᠬᠤ ᠬᠦᠮᠦᠨ ᠤ ᠪᠡᠶ᠎ᠡ ᠶᠢᠨ ᠡᠷᠬᠡ ᠴᠢᠯᠦᠭᠡ ᠵᠢ ᠬᠢᠵᠠᠭᠠᠷᠯᠠᠬᠰᠠᠨ ᠬᠡᠷᠡᠭ ᠢ ᠢᠯᠡᠷᠡᠭᠦᠯᠪᠡᠯ ᠳᠠᠷᠤᠶᠢᠬᠠᠨ ᠬᠡᠷᠡᠭ ᠮᠡᠳᠡᠭᠦᠯᠵᠦ᠂ ᠳᠤᠲᠤᠭᠠᠳᠤ ᠵᠢ ᠬᠠᠮᠠᠭᠠᠯᠠᠬᠤ ᠳᠤ ᠬᠠᠮᠵᠢᠨ ᠬᠠᠤᠯᠢ ᠪᠤᠰᠤ ᠠᠵᠢᠯᠯᠠᠭ᠎ᠠ ᠳᠤ ᠴᠤᠬᠢᠯᠲᠠ ᠦᠭ᠍ᠬᠦ ᠬᠡᠷᠡᠭᠲᠡᠢ᠃ ᠤᠯᠠᠨ ᠲᠦᠮᠡᠨ ᠤ ᠲᠤᠰᠬᠠᠬᠰᠠᠨ ᠬᠠᠤᠯᠢ ᠶᠤᠰᠤᠨ ᠳᠤ ᠨᠡᠶᠢᠴᠡᠬᠦ ᠭᠤᠶᠤᠴᠢᠯᠠᠯ ᠢ ᠠᠷᠭᠠᠴᠠᠭᠠᠬᠤ ᠪᠤᠶᠤ ᠬᠤᠶᠢᠰᠢᠯᠠᠭᠤᠯᠵᠦ ᠪᠤᠯᠬᠤ ᠦᠬᠡᠢ᠂ ᠲᠡᠷᠡ ᠳᠠᠷᠤᠢ ᠰᠢᠢᠳᠪᠤᠷᠢᠯᠡᠬᠦ ᠬᠡᠷᠡᠭᠲᠡᠢ᠃ ᠬᠠᠷᠢᠭᠤᠴᠠᠯᠭ᠎ᠠ ᠪᠠᠨ ᠡᠰᠡ ᠭᠦᠢᠴᠡᠳᠬᠡᠵᠦ᠂ ᠤᠴᠢᠷ ᠢ ᠴᠠᠬ ᠲᠤᠬᠠᠢ ᠳᠤᠨᠢ ᠰᠢᠢᠳᠪᠤᠷᠢᠯᠠᠭ᠍ᠰᠡᠨ ᠦᠭᠡᠢ ᠵᠦᠷᠢᠴᠡᠯ ᠢ ᠰᠢᠷᠤᠭᠦᠰᠭᠡᠭ᠍ᠰᠡᠨ᠂ ᠢᠯᠠᠨᠭᠭᠤᠶ᠎ᠠ ᠬᠦᠨᠳᠦ ᠨᠤᠴᠢᠲᠠᠢ ᠬᠡᠷᠡᠭ ᠡᠭᠦᠰᠭᠡᠭ᠍ᠰᠡᠨ ᠪᠠᠶᠢᠪᠠᠯ ᠬᠤᠯᠪᠤᠬᠳᠠᠬᠤ ᠠᠯᠪᠠᠨ ᠪᠠ ᠬᠤᠪᠢ ᠬᠦᠮᠦᠨ ᠡᠴᠡ ᠬᠠᠷᠢᠭᠤᠴᠠᠯᠭ᠎ᠠ ᠢᠢ ᠴᠢᠡᠭᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠵᠠᠢ᠃

ᠢᠷᠡᠯᠳᠡ᠄ ᠰᠢᠨᠬᠤᠸᠠ ᠬᠤᠷᠶᠢ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119943481