蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠮᠤᠩᠭᠤᠯ ᠲᠧᠯᠸᠶ᠋ᠰ ᠨᠡᠪᠳᠡᠷᠡᠭᠦᠯᠭᠡ ᠡᠬᠢᠯᠡᠭᠰᠡᠨ 40 ᠵᠢᠯ ᠤᠨ ᠤᠢ ᠳᠤ ᠴᠢᠬᠤᠯᠠ ᠴᠤᠬᠤᠯᠠᠪᠤᠷᠢ ᠦᠭᠪᠡ

2016-11-21 15:38

    11 ᠰᠠᠷ᠎ᠠ ᠶᠢᠨ 18 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ ᠨᠡᠪᠳᠡᠷᠡᠭᠦᠯᠭᠡ ᠡᠬᠢᠯᠡᠭᠰᠡᠨ 40 ᠵᠢᠯ ᠤᠨ ᠤᠢ ᠳᠤ ᠴᠢᠬᠤᠯᠠ ᠴᠤᠬᠤᠯᠠᠪᠤᠷᠢ ᠦᠭᠴᠦ᠂ ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ ᠨᠠᠮ ᠤᠨ ᠳᠠᠭᠤᠨ ᠬᠤᠭᠤᠯᠠᠢ ᠶᠢᠨ ᠦᠢᠯᠡᠳᠦᠯ ᠢᠶᠠᠨ ᠰᠠᠶᠢᠳᠤᠷ ᠪᠠᠳᠠᠷᠠᠭᠤᠯᠤᠨ ᠠᠷᠠᠳ ᠲᠦᠮᠡᠨ ᠤ ᠰᠡᠳᠬᠢᠯ ᠤᠨ ᠳᠠᠭᠤᠨ ᠢ ᠳᠠᠮᠵᠢᠭᠤᠯᠵᠤ᠂ ᠦᠨᠳᠦᠰᠦᠲᠡᠨ ᠤ ᠰᠤᠶᠤᠯ ᠤᠨ ᠴᠡᠴᠡᠭᠯᠡᠯᠳᠡ ᠬᠦᠭᠵᠢᠯᠳᠡ ᠶᠢ ᠶᠡᠭᠡ ᠬᠦᠴᠦᠨ ᠢᠶᠡᠷ ᠠᠬᠢᠭᠤᠯᠤᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠪᠦᠰᠡ ᠶᠢ ᠪᠦᠳᠦᠬᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠵᠤ ᠱᠠᠭᠠᠷᠳᠠᠪᠠ᠃

    ᠯᠢ ᠵᠢᠢ ᠡᡁᠧᠩ ᠴᠤᠬᠤᠯᠠᠪᠤᠷᠢ ᠳᠠᠭᠠᠨ᠂ ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ ᠨᠡᠪᠳᠡᠷᠡᠭᠦᠯᠭᠡ ᠡᠬᠢᠯᠡᠭᠰᠡᠨ 40 ᠵᠢᠯ ᠤᠨ ᠤᠢ ᠳᠤ ᠬᠠᠯᠠᠭᠤᠨ ᠪᠠᠶᠠᠷ ᠬᠦᠷᠭᠡᠶ᠎ᠡ! ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ 40 ᠵᠢᠯ ᠤᠨ ᠬᠦᠭᠵᠢᠯᠳᠡ ᠶᠢᠨ ᠬᠤᠭᠤᠴᠠᠭᠠᠨ ᠳᠠᠭᠠᠨ ᠨᠠᠮ ᠤᠨ ᠲᠦᠷᠦ ᠶᠢᠨ ᠪᠤᠳᠤᠯᠭ᠎ᠠ ᠬᠢᠬᠡᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠰᠠᠶᠢᠳᠤᠷ ᠰᠤᠷᠳᠠᠯᠴᠢᠯᠠᠨ ᠤᠬᠠᠭᠤᠯᠵᠤ᠂ ᠦᠷᠭᠡᠨ ᠤᠯᠠᠨ ᠮᠤᠩᠭᠤᠯ ᠦᠵᠡᠭᠴᠢ ᠳᠤ ᠦᠨᠳᠦᠰᠦᠲᠡᠨ ᠤ ᠰᠢᠯᠢᠳᠡᠭ ᠰᠤᠶᠤᠯ ᠢ ᠤᠯᠠᠨ ᠵᠦᠢᠯ ᠤᠨ ᠬᠡᠯᠪᠡᠷᠢ ᠪᠠᠷ ᠳᠡᠯᠭᠡᠨ ᠦᠵᠡᠭᠦᠯᠵᠤ᠂ ᠮᠠᠨ ᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠤᠯᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠳᠤ ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ᠃ ᠳᠠᠨᠠᠷ ᠨᠡᠪᠳᠡᠷᠡᠬᠦᠯᠬᠡ ᠡᠬᠢᠯᠡᠭᠰᠡᠨ 40 ᠵᠢᠯ ᠤᠨ ᠤᠢ ᠪᠠᠨ ᠳᠡᠮᠳᠡᠭᠯᠡᠬᠦ ᠪᠡᠷ ᠰᠢᠨ᠎ᠡ ᠡᠬᠢᠯᠡᠯᠳᠡ ᠶᠢᠨ ᠴᠡᠭ ᠢᠶᠠᠨ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠭ ᠢ ᠴᠤᠮᠬᠠᠳᠬᠠᠬᠤ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠤᠬᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ᠂ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯᠳᠡ ᠶᠢ ᠪᠠᠷᠢᠮᠳᠠᠯᠠᠵᠤ᠂ ᠵᠦᠪ ᠤᠨᠤᠪᠴᠢᠳᠠᠢ ᠶᠠᠷᠢᠶ᠎ᠠ ᠬᠡᠯᠡᠯᠴᠡᠬᠡᠨ ᠤ ᠤᠳᠤᠷᠢᠳᠤᠮᠵᠢ ᠶᠢ ᠪᠠᠷᠢᠮᠳᠠᠯᠠᠵᠤ᠂ ᠵᠦᠪ ᠤᠨᠤᠪᠴᠢᠳᠠᠢ ᠰᠤᠨᠢᠨ ᠮᠡᠳᠡᠭᠡᠨ ᠤ ᠵᠤᠷᠢᠯᠳᠠ ᠶᠢ ᠪᠠᠷᠢᠮᠳᠠᠯᠠᠵᠤ᠂ ᠵᠦᠪ ᠤᠨᠤᠪᠴᠢᠳᠠᠢ ᠠᠵᠢᠯ ᠤᠨ ᠬᠠᠨᠳᠤᠯᠭ᠎ᠠ ᠶᠢ ᠪᠠᠷᠢᠮᠳᠠᠯᠠᠵᠤ᠂ ᠨᠠᠮ ᠤᠨ ᠳᠠᠭᠤᠨ ᠬᠤᠭᠤᠯᠠᠢ ᠶᠢᠨ ᠦᠢᠯᠡᠳᠤᠯ ᠢᠶᠠᠨ ᠰᠠᠶᠢᠳᠤᠷ ᠪᠠᠳᠠᠷᠠᠭᠤᠯᠤᠨ ᠠᠷᠠᠳ ᠲᠦᠮᠡᠨ ᠤ ᠰᠡᠳᠬᠢᠯ ᠤᠨ ᠳᠠᠭᠤᠨ ᠢ ᠳᠠᠮᠵᠢᠭᠤᠯᠵᠤ᠂ ᠤᠯᠤᠰ ᠤᠨ ᠳᠤᠳᠤᠭᠠᠳᠤ ᠭᠠᠳᠠᠭᠠᠳᠤ ᠳᠤ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠪᠠ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠳᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠦᠷᠬᠡᠨ ᠲᠠᠯᠬᠡᠷ ᠢᠶᠠᠷ ᠤᠬᠠᠭᠤᠯᠵᠤ᠂ ᠤᠳᠠᠯ ᠦᠬᠡᠢ ᠬᠤᠷᠠᠯᠳᠤᠭᠤᠯᠬᠤ ᠬᠡᠵᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠷᠬᠡᠨ ᠲᠠᠯᠬᠡᠷ ᠢᠶᠠᠷ ᠤᠬᠠᠭᠤᠯᠤᠨ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠶᠡᠷᠦᠩᠭᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠨᠨ ᠪᠦᠯᠬᠦᠮᠳᠡᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ ᠲᠠᠢ ᠪᠠᠨ ᠰᠡᠳᠬᠢᠯ ᠨᠢᠬᠡᠳᠡᠢ᠂ ᠳᠤᠮᠳᠠᠳᠤ ᠶᠢᠨ ᠦᠨᠳᠦᠰᠦᠲᠡᠨ ᠲᠠᠢ ᠪᠠᠨ ᠰᠡᠳᠬᠢᠯ ᠨᠢᠬᠡᠳᠠᠢ᠂ ᠳᠤᠮᠳᠠᠳᠤ ᠶᠢᠨ ᠰᠤᠶᠤᠯ ᠲᠠᠢ ᠪᠠᠨ ᠰᠡᠳᠬᠢᠯ ᠨᠢᠬᠡᠳᠠᠢ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠲᠠᠢ ᠪᠠᠨ ᠰᠡᠳᠬᠢᠯ ᠨᠢᠬᠡᠳᠠᠢ ᠪᠠᠶᠢᠬᠤ ᠶᠢ ᠲᠠᠰᠤᠷᠠᠯᠳᠠ ᠦᠬᠡᠢ ᠴᠢᠩᠭᠠᠳᠬᠠᠵᠤ᠂ ᠳᠤᠮᠳᠠᠳᠤ ᠤᠯᠤᠰ ᠤᠨ ᠦᠯᠢᠭᠡᠷ ᠤᠨ ᠦᠪᠦᠷ ᠮᠤᠩᠭᠤᠯ ᠤᠨ ᠬᠠᠭᠤᠳᠠᠰᠤ ᠶᠢ ᠰᠠᠶᠢᠳᠤᠷ ᠪᠢᠴᠢᠭᠯᠡᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠨᠡᠩ ᠶᠡᠭᠡ ᠨᠦᠯᠦᠭᠡᠯᠡᠬᠦ ᠬᠦᠴᠦᠨ ᠪᠦᠬᠦᠢ ᠲᠧᠯᠸᠶ᠋ᠰ ᠰᠤᠪᠠᠭ ᠢ ᠬᠦᠴᠦᠯᠡᠨ ᠪᠠᠶᠢᠭᠤᠯᠵᠤ᠂ ᠴᠢᠨᠡᠭᠡᠯᠢᠭ᠌ ᠨᠡᠶᠢᠬᠡᠮ ᠢ ᠪᠦᠬᠦ ᠳᠠᠯ᠎ᠠ ᠪᠠᠷ ᠪᠠᠶᠡᠯᠡᠬᠦᠯᠬᠦ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠶᠢ ᠬᠦᠰᠡᠵᠤ ᠪᠠᠶᠢᠨ᠎ᠠ ᠬᠡᠵᠠᠢ᠃

    ᠤᠢᠢᠯᠠᠭᠠᠭᠰᠠᠨ ᠢᠶᠠᠷ᠂ ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ 1976 ᠤᠨ ᠤ 10 ᠰᠠᠷ᠎ᠠ ᠶᠢᠨ 2 ᠤᠨ ᠡᠳᠦᠷ ᠨᠠᠪᠳᠡᠷᠡᠬᠦᠯᠭᠡ ᠪᠠᠨ ᠡᠬᠢᠯᠡᠬᠦᠯᠵᠤ ᠦᠵᠡᠭᠴᠢᠳ ᠲᠠᠢ ᠪᠠᠨ ᠠᠩᠬ᠎ᠠ ᠵᠤᠯᠭᠠᠵᠠᠢ᠃ ᠲᠤᠬᠠᠢ ᠶᠢᠨ ᠦᠶ᠎ᠡ ᠳᠤ ᠲᠦᠷᠪᠡᠬᠡᠨ ᠮᠤᠩᠭᠤᠯ ᠲᠧᠯᠸᠶ᠋ᠰᠴᠢᠨ 10 ᠮᠢᠨᠦ᠋ᠲ ᠤᠨ ᠨᠡᠪᠳᠡᠷᠡᠬᠦᠯᠭᠡ ᠬᠢᠵᠦ ᠪᠠᠶᠢᠭᠰᠠᠨ ᠪᠤᠯ ᠤᠳᠤ 300 ᠭᠠᠷᠤᠢ ᠠᠵᠢᠯᠳᠠᠨ ᠲᠠᠢ᠂ 60 ᠭᠠᠷᠤᠢ ᠰᠤᠳᠤᠨ ᠫᠷᠤᠭ᠍ᠷᠠᠮ ᠲᠠᠢ ᠪᠤᠯᠵᠤ 2 ᠰᠤᠪᠠᠭ ᠢᠶᠠᠷ ᠡᠳᠦᠷ ᠲᠤ 42 ᠴᠠᠭ ᠭᠠᠷᠤᠢ ᠶᠢᠨ ᠨᠡᠪᠳᠡᠷᠡᠬᠦᠯᠬᠡ ᠬᠢᠵᠦ ᠪᠠᠶᠢᠭ᠎ᠠ ᠶᠤᠮ᠃ ᠡᠬᠦᠨ ᠳᠤ ᠮᠤᠩᠭᠤᠯ ᠤᠳᠤᠨ ᠲᠧᠯᠸᠶ᠋ᠰ ᠤᠨ ᠨᠡᠪᠳᠡᠷᠡᠬᠦᠯᠬᠡ ᠨᠢ ᠡᠳᠦᠷ ᠲᠤ 24 ᠴᠠᠭ ᠢᠶᠠᠷ 53 ᠤᠯᠤᠰ ᠤᠷᠤᠨ ᠳᠤ ᠰᠠᠴᠤᠭᠳᠠᠵᠤ᠂ ᠰᠤᠶᠤᠯ ᠰᠢᠨᠵᠢᠯᠡᠭᠡ ᠰᠤᠪᠠᠭ ᠨᠢ 18 ᠴᠠᠭ 10 ᠮᠢᠨᠦ᠋ᠲ ᠢᠶᠠᠷ ᠨᠡᠪᠳᠡᠷᠡᠬᠦᠯᠬᠡ ᠬᠢᠵᠤ ᠪᠤᠢ᠃ ᠡᠨᠡ ᠨᠢ ᠮᠤᠩᠭᠤᠯ ᠲᠧᠯᠸᠶ᠋ᠰ ᠤᠨ ᠤᠷᠠᠨ ᠪᠦᠳᠦᠭᠡᠯᠴᠢᠨ ᠨᠢᠭᠡᠪᠦᠷᠢ ᠡᠳᠦᠷ ᠲᠤ 3 ᠮᠢᠨᠦ᠋ᠲ ᠭᠠᠷᠤᠢ ᠶᠢᠨ ᠫᠷᠤᠭ᠍ᠷᠡᠮ ᠭᠢᠵᠤ᠂ ᠤᠯᠤᠰ ᠤᠨ ᠲᠤᠳᠤᠭᠠᠳᠤ ᠶᠢᠨ ᠬᠠᠮᠤᠭ ᠤᠨ ᠲᠤᠮᠤ ᠮᠤᠩᠭᠤᠯ ᠲᠧᠯᠸᠶ᠋ᠰ ᠫᠷᠤᠭ᠍ᠷᠠᠮ ᠢ ᠬᠡᠪᠴᠢᠶᠡᠵᠢᠬᠦᠯᠦᠨ ᠬᠢᠬᠦ ᠰᠠᠭᠤᠷᠢᠨ ᠪᠤᠯᠤᠭᠰᠠᠨ ᠢ ᠬᠠᠷᠠᠭᠤᠯᠵᠤ ᠪᠤᠢ᠃

    ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠨᠤᠪᠴᠢᠳᠠᠢ ᠤᠳᠤᠷᠢᠳᠤᠯᠭ᠎ᠠ᠂ ᠨᠡᠶᠢᠭᠡᠮ ᠨᠡᠶᠢᠳᠡ ᠶᠢᠨ ᠬᠦᠴᠦᠳᠡᠢ ᠲᠡᠮᠵᠢᠯᠭᠡ ᠪᠤᠯᠤᠨ ᠬᠡᠳᠦᠨ ᠦᠶ᠎ᠡ ᠶᠢᠨ ᠮᠤᠩᠭᠤᠯ ᠲᠧᠯᠸᠶ᠋ᠰᠴᠢᠳ ᠤᠨ ᠴᠦᠬᠦᠷᠡᠰᠢ ᠦᠬᠡᠢ ᠴᠢᠷᠮᠠᠶᠢᠯᠭ᠎ᠠ ᠪᠠᠷ 40 ᠵᠢᠯ ᠤᠨ ᠲᠤᠷᠰᠢ ᠮᠤᠩᠭᠤᠯ ᠲᠧᠯᠸᠶ᠋ᠰ ᠦᠬᠡᠢ ᠠᠴᠠ ᠪᠠᠨ ᠪᠠᠶᠢᠬᠤ ᠪᠤᠯᠵᠤ᠂ ᠪᠠᠭ᠎ᠠ ᠠᠴᠠ ᠪᠠᠨ ᠶᠡᠭᠡ ᠪᠤᠯᠵᠤ᠂ ᠪᠠᠭᠤᠷᠠᠢ ᠠᠴᠠ ᠪᠠᠨ ᠬᠦᠴᠦᠷᠭᠡᠭ ᠪᠤᠯᠵᠤ ᠬᠦᠭᠵᠢᠨ ᠲᠠᠪᠰᠢᠭᠰᠠᠨ ᠪᠠᠶᠢᠨ᠎ᠠ᠃ ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ ᠨᠡᠪᠳᠡᠷᠡᠭᠦᠯᠭᠡ ᠡᠬᠢᠯᠡᠭᠰᠡᠨ 40 ᠵᠢᠯ ᠤᠨ ᠤᠢ ᠶᠢ ᠲᠡᠮᠳᠡᠭᠯᠡᠬᠦ ᠠᠵᠢᠯᠯᠠᠭ᠎ᠠ 11 ᠰᠠᠷ᠎ᠠ ᠶᠢᠨ 19 ᠤ ᠡᠳᠤᠷ ᠲᠤ ᠤᠯᠠᠭᠠᠨ ᠬᠡᠪᠢᠰ ᠤᠨ ᠶᠤᠰᠤᠯᠠᠯ᠂ ᠭᠠᠷ ᠤᠨ ᠦᠰᠦᠭ ᠢᠶᠠᠨ ᠦᠯᠡᠳᠡᠭᠡᠬᠦ᠂《ᠪᠢᠳᠡ ᠤᠳᠤᠨ ᠲᠧᠯᠸᠶ᠋ᠰ ᠲᠠᠢ ᠪᠠᠨ ᠬᠤᠯᠪᠤᠭ᠎ᠠ ᠲᠠᠢ》ᠬᠡᠬᠦ ᠭᠤᠤᠯ ᠰᠡᠳᠤᠪᠳᠦ ᠶᠠᠷᠢᠯᠴᠠᠭ᠎ᠠ᠂ ᠮᠤᠩᠭᠤᠯ ᠲᠧᠯᠸᠶ᠋ᠰ ᠤᠨ ᠠᠬᠠᠮᠠᠳ ᠰᠢᠯᠢᠳᠡᠭ ᠠᠵᠢᠯᠳᠠᠨ ᠢᠶᠠᠨ ᠱᠠᠩᠨᠠᠨ ᠬᠦᠬᠢᠬᠦᠯᠬᠦ ᠵᠡᠷᠭᠡ ᠡᠯᠪᠡᠭ᠌ ᠠᠭᠤᠯᠭ᠎ᠠ ᠪᠠᠷ ᠶᠠᠪᠤᠭᠳᠠᠵᠠᠢ᠃

    ᠲᠤᠰ ᠡᠳᠤᠷ ᠪᠠᠰᠠ ᠦᠪᠦᠷ ᠮᠤᠩᠭᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭᠤᠯ ᠲᠧᠯᠸᠶ᠋ᠰ ᠨᠡᠪᠳᠡᠷᠡᠭᠦᠯᠭᠡ ᠡᠬᠢᠯᠡᠭᠰᠡᠨ 40 ᠵᠢᠯ ᠤᠨ ᠤᠢ ᠶᠢ ᠪᠡᠯᠭᠡᠯᠡᠬᠦ ᠤᠯᠠᠨ ᠤᠯᠤᠰ ᠤᠨ ᠹᠤᠷᠦ᠋ᠮ ᠵᠤᠬᠢᠶᠠᠨ ᠪᠠᠶᠢᠭᠤᠯᠤᠭᠳᠠᠵᠤ᠂ ᠮᠤᠩᠭᠤᠯ ᠪᠠ ᠭᠧᠷᠮᠠᠨ ᠵᠡᠷᠭᠡ ᠤᠯᠤᠰ ᠬᠦᠷᠦᠨ ᠤ ᠬᠡᠪᠯᠡᠯ ᠮᠡᠳᠡᠬᠡᠯᠡᠯ ᠤᠨ ᠬᠢᠨ ᠤ ᠲᠦᠯᠦᠭᠡᠯᠡᠭᠴᠢᠳ ᠤᠷᠤᠯᠴᠠᠵᠤ《ᠤᠯᠠᠮᠵᠢᠯᠠᠯ᠂ ᠰᠢᠨᠡᠴᠢᠯᠡᠯ᠂ ᠠᠭᠤᠰᠤᠯᠴᠠᠯ》ᠬᠡᠬᠦ ᠭᠤᠤᠯ ᠰᠡᠳᠦᠪ ᠤᠨ ᠲᠤᠭᠤᠷᠢᠨ ᠳᠤ ᠶᠠᠷᠢᠯᠴᠠᠭ᠎ᠠ ᠦᠷᠨᠢᠭᠦᠯᠪᠡ᠃

    ᠮᠤᠩᠭᠤᠯ ᠬᠡᠪᠯᠡᠯ ᠮᠡᠳᠡᠬᠡᠯᠡᠯ ᠤᠨ ᠬᠢᠨ᠂ ᠦᠪᠡᠷᠳᠡᠭᠡᠨ ᠵᠠᠰᠠᠬᠤ ᠤᠷᠤᠨ ᠤ ᠬᠡᠪᠯᠡᠯ ᠮᠡᠳᠡᠭᠡᠯᠡᠯ ᠤᠨ ᠬᠢᠨ ᠪᠤᠯᠤᠨ ᠡᠯ᠎ᠡ ᠠᠶᠢᠮᠠᠭ ᠬᠤᠳᠠ᠂ ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ ᠲᠦᠯᠦᠭᠡᠯᠡᠭᠴᠢᠳ᠂ ᠤᠯᠤᠰ ᠲᠠᠶᠠᠭᠠᠷ ᠤᠨ ᠨᠠᠶ᠋ᠮᠠᠨ ᠮᠤᠵᠢ ᠤᠷᠤᠨ ᠤ ᠲᠦᠯᠦᠭᠡᠯᠡᠭᠴᠢᠳ ᠬᠢᠬᠡᠳ ᠬᠦᠷᠦᠯᠴᠡᠨ ᠢᠷᠡᠭᠰᠡᠨ ᠬᠠᠷᠢ ᠬᠦᠷᠦᠨ ᠤ ᠬᠡᠪᠯᠡᠯ ᠮᠡᠳᠡᠬᠡᠯᠡᠯ ᠤᠨ ᠲᠦᠯᠦᠭᠡᠯᠡᠭᠴᠢᠳ ᠮᠤᠩᠭᠤᠯ ᠢᠶᠠᠷ ᠢᠶᠠᠨ ᠭᠤᠶᠤᠯᠠᠭᠠᠳ ᠡᠨᠡᠬᠦ ᠪᠠᠶᠠᠷ ᠢᠶᠠᠨ ᠬᠠᠮᠳᠤᠪᠡᠷ ᠲᠡᠮᠳᠡᠭᠯᠡᠯ᠎ᠡ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119955858