蒙古文网站Logo
ᠰᠢᠨᠬᠤᠸᠠ ᠮᠤᠩᠭ᠋ᠤᠯ ᠨᠧᠲ

ᠶᠦᠨ ᠭᠤᠧᠠᠩ ᠵᠦᠩ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠳᠤ ᠳᠤᠮᠢᠯᠠᠭᠳᠠᠪᠠ

2016-11-29 17:36

    11 ᠰᠠᠷ᠎ᠠ ᠶᠢᠨ 29 ᠤ ᠡᠳᠦᠷ᠂ ᠬᠦᠬᠡᠬᠤᠳᠠ ᠤᠳᠤᠷᠢᠳᠬᠤ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤ ᠬᠤᠷᠢᠶ᠎ᠠ ᠡᠴᠡ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠭᠤᠤᠯ ᠴᠢᠬᠤᠯᠠ ᠤᠳᠤᠷᠢᠳᠬᠤ ᠬᠦᠮᠦᠰ ᠲᠤ ᠳᠤᠬᠢᠷᠠᠭᠤᠯᠤᠯᠳᠠ ᠬᠢᠬᠦ ᠳᠤᠬᠠᠢ ᠳᠤᠭᠳᠠᠭᠠᠯ ᠢ ᠵᠠᠷᠯᠠᠵᠠᠢ᠃

    ᠳᠤᠭᠳᠠᠭᠠᠯ ᠳᠤ᠂ ᠶᠦᠨ ᠭᠤᠧᠠᠩ ᠵᠦᠩ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠬᠡᠰᠢᠬᠦᠨ᠂ ᠪᠠᠶᠢᠩᠭᠤ ᠶᠢᠨ ᠬᠡᠰᠢᠬᠦᠨ᠂ ᠱᠦᠵᠢ ᠶᠢᠨ ᠳᠤᠰᠢᠶᠠᠯ ᠢ ᠬᠠᠷᠢᠭᠤᠴᠠᠨ᠎ᠠ᠂ ᠨᠠᠰᠤᠨᠮᠦ᠋ᠩᠬᠡ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠪᠠᠶᠢᠩᠭᠤ ᠶᠢᠨ ᠬᠡᠰᠢᠬᠦᠨ᠂ ᠬᠡᠰᠢᠬᠦᠨ ᠤ ᠳᠤᠰᠢᠶᠠᠯ ᠢ ᠳᠠᠬᠢᠵᠤ ᠬᠠᠷᠢᠭᠤᠴᠠᠬᠤ ᠦᠬᠡᠢ ᠬᠡᠵᠡᠢ᠃

    ᠶᠦᠨ ᠭᠤᠧᠠᠩ ᠵᠦᠩ᠂ ᠡᠷᠡᠭᠳᠡᠢ᠂ ᠮᠤᠩᠭᠤᠯ ᠦᠨᠳᠦᠰᠦᠳᠡᠨ᠂ 1960 ᠤᠨ ᠤ 6 ᠰᠠᠷ᠎ᠠ ᠳᠤ ᠳᠦᠷᠦᠭᠰᠡᠨ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠬᠡᠬᠤᠳᠠ ᠶᠢᠨ ᠳᠦᠮᠡᠳ ᠵᠡᠬᠦᠨ ᠬᠤᠰᠢᠭᠤᠨ ᠤ ᠬᠦᠮᠦᠨ᠂ ᠬᠠᠮᠢᠶᠠᠷᠤᠯᠳᠠ ᠶᠢᠨ ᠤᠬᠠᠭᠠᠨ ᠤ ᠮᠠᠬᠢᠰᠲ᠋ᠷ᠃ 1979 ᠤᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1977 ᠤᠨ ᠤ 10 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ 

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701120015886