蒙古文网站Logo
ᠰᠢᠨᠬᠤᠸᠠ ᠮᠤᠩᠭ᠋ᠤᠯ ᠨᠧᠲ

ᠵᠠᠩ ᠶᠤᠧᠠᠨ ᠵᠦᠩ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠳᠤᠮᠢᠯᠠᠭᠳᠠᠪᠠ

2016-12-01 10:02

    11 ᠰᠠᠷ᠎ᠠ ᠶᠢᠨ 30 ᠤ ᠦᠳᠡ ᠶᠢᠨ ᠡᠮᠦᠨ᠎ᠡ᠂ ᠪᠤᠭᠤᠳᠤ ᠬᠤᠳᠠ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠡᠴᠡ ᠪᠤᠭᠤᠳᠤ ᠬᠤᠳᠠ ᠶᠢᠨ ᠭᠤᠤᠯ ᠴᠢᠬᠤᠯᠠ ᠤᠳᠤᠷᠢᠳᠬᠤ ᠬᠦᠮᠦᠰ ᠲᠤ ᠳᠤᠬᠢᠷᠠᠭᠤᠯᠤᠯᠳᠠ ᠬᠢᠭᠰᠡᠨ ᠳᠤᠬᠠᠢ ᠳᠤᠭᠳᠠᠭᠠᠯ ᠢ ᠨᠡᠶᠢᠳᠡᠯᠡᠪᠡ᠃

    ᠳᠤᠭᠳᠠᠭᠠᠯ ᠳᠤ᠂ ᠵᠠᠩ ᠶᠤᠧᠠᠨ ᠵᠦᠩ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠱᠦᠵᠢ ᠶᠢᠨ ᠳᠤᠰᠢᠶᠠᠯ ᠢ ᠬᠠᠷᠢᠭᠤᠴᠠᠨ᠎ᠠ᠂ ᠸᠠᠩ ᠵᠦᠩ ᠡᠾᠧ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠬᠡᠰᠢᠬᠦᠨ᠂ ᠬᠡᠰᠢᠬᠦᠨ ᠤ ᠳᠤᠰᠢᠶᠠᠯ ᠢ ᠳᠠᠬᠢᠵᠤ ᠬᠠᠷᠢᠭᠤᠴᠠᠬᠤ ᠦᠬᠡᠢ ᠬᠡᠵᠡᠢ᠃

    ᠵᠠᠩ ᠶᠤᠧᠠᠨ ᠵᠦᠩ᠂ ᠡᠷᠡᠭᠳᠡᠢ᠂ ᠬᠢᠳᠠᠳ ᠦᠨᠳᠦᠰᠦᠳᠡᠨ᠂ 1959 ᠤᠨ ᠤ 11 ᠰᠠᠷ᠎ᠠ ᠳᠤ ᠳᠦᠷᠦᠭᠰᠡᠨ᠂ ᠱᠠᠨᠰᠢ ᠮᠤᠵᠢ ᠶᠢᠨ ᠹᠦ᠋ ᠬᠦ᠋ ᠶᠢᠨ ᠬᠦᠮᠦᠨ᠂ 1983 ᠤᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1983 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠤᠷᠢᠳᠤ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ᠌ ᠤᠨ ᠳᠠᠷᠤᠭ᠎ᠠ ᠶᠢᠨ ᠳᠤᠰᠢᠶᠠᠯ ᠳᠤ ᠠᠵᠢᠯᠯᠠᠵᠤ ᠪᠠᠶᠢᠪᠠ᠃

ᠢᠷᠡᠯᠳᠡ᠄ ᠪᠤᠭᠤᠳᠤ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120028873