蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠳ᠋ᠦᠩ ᠲᠠᠢ ᠠᠭᠤᠯᠵᠠᠵᠠᠢ

2016-12-01 11:09

    11 ᠰᠠᠷ᠎ᠠ ᠶᠢᠨ 30 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠬᠡᠬᠤᠲᠠ ᠳᠤ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠳ᠋ᠦᠩ ᠨᠠᠷ ᠲᠠᠢ ᠠᠭᠤᠯᠵᠠᠵᠠᠢ᠃

    ᠯᠢ ᠵᠢᠢ ᠾᠧᠩ ᠡᠩ ᠲᠠᠷᠢᠬᠦᠨ ᠳᠤ ᠸᠠᠩ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠤ᠂ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠤᠨ ᠤᠷᠲᠦ ᠬᠤᠭᠤᠴᠠᠭᠠᠨ᠎ᠠ ᠦᠪᠦᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ᠂ ᠤᠳᠤᠬᠠᠨ ᠳᠤ 《ᠨᠢᠭᠡ ᠪᠦᠰᠡ ᠨᠢᠭᠡ ᠵᠠᠮ》 ᠤ᠋ᠨ ᠪᠦᠲᠦᠭᠡᠨ ᠪᠠᠶᠢᠭᠤᠯᠤᠯᠲᠠ᠂ ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠤᠨ ᠬᠦᠭᠵᠢᠭᠦᠯᠬᠦ᠂ ᠰᠢᠨ᠎ᠠ ᠨᠢᠬᠡᠨ ᠡᠭᠡᠯᠵᠢ ᠶᠢᠨ ᠵᠡᠭᠦᠨ ᠬᠤᠶᠢᠲᠦ ᠤᠷᠤᠨ ᠢ ᠬᠦᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠬᠦᠭᠵᠢᠯᠲᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠦᠪᠦᠷ ᠮᠤᠩᠭᠤᠯ ᠤᠨ ᠬᠦᠭᠵᠢᠯᠲᠠ ᠡᠷᠬᠢᠮ ᠨᠠᠨᠳᠢᠨ ᠠᠵᠠ ᠲᠤᠬᠢᠶᠠᠯ ᠢ ᠤᠯᠤᠯ᠎ᠠ᠃ 11 ᠰᠠᠷ᠎ᠠ ᠶᠢᠨ 26 ᠤ ᠡᠳᠦᠷ ᠠᠮᠵᠢᠯᠲᠠ ᠲᠠᠢ ᠲᠡᠭᠦᠰᠦᠭᠰᠡᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠢᠷᠡᠬᠦ 5 ᠵᠢᠯ ᠤᠨ ᠦᠪᠦᠷ ᠮᠤᠩᠭᠤᠯ ᠤᠨ ᠬᠦᠭᠵᠢᠯᠲᠠ ᠶᠢᠨ ᠠᠤᠭ᠎ᠠ ᠲᠦᠰᠦᠪ ᠢ ᠵᠢᠷᠤᠭᠯᠠᠪᠠ᠃ ᠪᠢᠳᠡ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠠᠮᠡᠴᠡᠵᠤ᠂ ᠴᠤᠴᠠᠯᠳᠠ ᠦᠬᠡᠢ ᠤᠷᠤᠭᠰᠢᠯᠠᠵᠤ᠂ ᠡᠬᠡ ᠤᠯᠤᠰ ᠤᠨ ᠤᠮᠠᠷᠠᠲᠦ ᠶᠢᠨ ᠡᠨᠡᠬᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠤᠨ᠎ᠠ᠃ ᠡᠨᠡ ᠪᠤᠯ ᠨᠢᠭᠡᠨ ᠲᠤᠭ ᠲᠡᠮᠳᠡᠭ ᠢᠶᠠᠨ ᠦᠨᠳᠦᠷ ᠮᠠᠨᠳᠤᠭᠤᠯᠤᠨ ᠭᠤᠤᠯᠯᠠᠭᠴᠢ ᠶᠢ ᠬᠦᠷᠢᠶᠡᠯᠡᠭᠰᠡᠨ ᠶᠡᠭᠡ ᠬᠤᠷᠠᠯ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠭᠡᠵᠤ ᠰᠢᠨ᠎ᠠ ᠶᠢ ᠡᠭᠦᠳᠦᠭᠰᠡᠨ ᠶᠡᠭᠡ ᠬᠤᠷᠠᠯ᠂ ᠪᠦᠯᠬᠦᠮᠳᠡᠯ ᠠᠷᠠᠳᠴᠢᠯᠠᠯ ᠢ ᠡᠷᠬᠢᠮᠯᠡᠨ ᠰᠡᠳᠭᠢᠯ ᠵᠤᠷᠢᠭ ᠢᠶᠠᠨ ᠨᠢᠭᠡᠳᠭᠡᠭᠰᠡᠨ ᠶᠡᠭᠡ ᠬᠤᠷᠠᠯ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠰᠡᠨ᠂ ᠰᠤᠷᠲᠠᠯ ᠴᠢᠭᠡᠴᠢ ᠤᠪᠤᠷ ᠲᠦᠪ ᠶᠡᠭᠡ ᠬᠤᠷᠠᠯ ᠪᠤᠯᠤᠨ᠎ᠠ᠃ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ᠂ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠬᠦᠳᠡᠬᠡ ᠠᠵᠤ ᠠᠬᠤᠢ ᠶᠢᠨ ᠤᠳᠤᠬᠢᠴᠢᠯᠠᠯᠲᠠ᠂ ᠪᠤᠬᠢᠷᠳᠤᠯ ᠦᠭᠡᠢ ᠬᠦᠭᠵᠢᠭᠦᠯᠦᠯᠲᠡ ᠶᠢ ᠵᠤᠬᠢᠴᠠᠭᠤᠯᠤᠨ ᠠᠬᠢᠭᠤᠯᠵᠦ᠂ ᠬᠦᠭᠵᠢᠯᠲᠡ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠢ ᠰᠠᠬᠢᠵᠦ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠭᠡᠵᠦ᠂ ᠬᠦᠬᠡᠬᠤᠲᠠ ᠶᠢᠨ ᠤᠯᠤᠰ ᠤᠨ ᠵᠡᠷᠬᠡᠯᠡᠯ ᠤᠨ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠯᠢ ᠤᠯᠠᠨ ᠬᠦᠭᠵᠢᠯᠲᠡ ᠶᠢᠨ ᠠᠷᠭ᠎ᠠ ᠬᠡᠮᠵᠢᠶ᠎ᠡ ᠶᠢ ᠲᠤᠷᠠᠳᠴᠠᠢ᠃ ᠢᠷᠡᠭᠡᠳᠦᠢ ᠶᠢ ᠪᠠᠷᠠᠯᠠᠬᠤᠶ᠎ᠠ ᠥᠪᠤᠷ ᠮᠤᠩᠭᠤᠯ ᠤᠨ ᠬᠦᠭᠵᠢᠯᠲᠡ ᠳᠤ ᠤᠯᠠᠨ ᠵᠦᠢᠯ ᠤᠨ ᠠᠵᠠ ᠲᠤᠬᠢᠶᠠᠯ ᠲᠠᠪᠬᠤᠴᠠᠨ ᠨᠦᠭᠡᠴᠡ ᠬᠦᠴᠦᠨ ᠯᠤᠲᠦ ᠶᠡᠭᠡ ᠪᠠᠶᠢᠵᠤ᠂ ᠪᠢᠳᠡ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠪᠤᠢ ᠪᠤᠯᠭᠠᠵᠦ᠂ ᠤᠯᠤᠰ ᠤᠨ ᠲᠤᠲᠤᠭᠠᠳᠦ ᠭᠠᠳᠠᠭᠠᠲᠦ ᠶᠢᠨ ᠡᠷᠳᠡᠮ ᠮᠡᠳᠡᠯᠭᠡ ᠲᠠᠢ ᠬᠦᠮᠦᠰ ᠤᠨ ᠥᠪᠤᠷ ᠮᠤᠩᠭᠤᠯ ᠳᠤ ᠢᠷᠡᠵᠦ ᠪᠡᠯᠡ ᠤᠷᠤᠭᠤᠯᠤᠨ ᠦᠢᠯᠡᠰ ᠡᠷᠬᠢᠯᠡᠵᠦ᠂ ᠬᠦᠭᠵᠢᠯᠲᠡ ᠶᠢᠨ ᠠᠵᠠ ᠲᠤᠬᠢᠶᠠᠯ ᠢ ᠬᠠᠮᠲᠦᠪᠡᠷ ᠡᠳ᠋ᠯᠡᠬᠦ ᠶᠢ ᠤᠭᠲᠤᠵᠤ ᠪᠠᠶᠢᠨ᠎ᠠ ᠭᠡᠵᠠᠢ᠃

    ᠯᠢ ᠵᠢᠢ ᠾᠧᠩ᠂ ᠤᠯᠠᠨ ᠵᠢᠯ ᠤᠨ ᠲᠤᠷᠰᠢ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠤᠨ ᠬᠢᠨ ᠥᠪᠤᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠡ ᠶᠢ ᠢᠲᠡᠪᠬᠢᠲᠠᠢ ᠲᠡᠮᠵᠢᠭᠰᠡᠭᠡᠷ ᠢᠷᠡᠭᠰᠡᠨ ᠪᠦᠭᠡᠳ ᠶᠡᠷᠦᠩᠬᠡᠶᠢᠯᠡᠭᠰᠡᠨ ᠤᠰᠤᠨ ᠤ ᠶᠠᠪᠤᠳᠠᠯ᠂ ᠫᠧᠦ᠋ ᠶᠢᠨ ᠠᠵᠦ ᠦᠢᠯᠡᠰ᠂ ᠡᠷᠴᠢᠮ ᠬᠦᠴᠦ᠂ ᠪᠠᠶᠢᠭᠠᠯᠢ ᠤᠷᠴᠢᠨ ᠢ ᠶᠡᠷᠦᠩᠬᠡᠶᠢᠯᠡᠨ ᠵᠠᠰᠠᠬᠤ ᠵᠡᠷᠭᠡ ᠬᠦᠷᠢᠶᠡᠨ ᠳᠤ ᠰᠠᠶᠢᠬᠠᠨ ᠬᠠᠮᠲᠤᠷᠠᠯᠴᠠᠭ᠎ᠠ ᠬᠢᠪᠡ᠃ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠮᠠᠨ ᠤ ᠤᠷᠤᠨ ᠳᠠᠬᠢ ᠬᠦᠷᠦᠩᠬᠡ ᠤᠷᠤᠭᠤᠯᠤᠯᠲᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠦ᠂ ᠲᠤᠬᠠᠢᠢᠯᠠᠭᠰᠠᠨ ᠠᠵᠢᠯ ᠤᠨ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠭᠡᠵᠦ᠂ ᠪᠡᠭᠡᠵᠢᠩ ᠥᠪᠤᠷ ᠮᠤᠩᠭᠤᠯ ᠤᠨ ᠬᠠᠮᠲᠤᠷᠠᠯᠴᠠᠭ᠎ᠠ ᠳᠤ ᠢᠯᠡᠭᠦᠬᠡᠨ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ᠃ ᠥᠪᠡᠷᠳᠡᠭᠡᠨ ᠵᠠᠰᠠᠬᠤ ᠤᠷᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠳᠤ ᠴᠢᠨᠠᠷ ᠰᠠᠶᠢᠲᠠᠢ ᠦᠢᠯᠡᠴᠢᠯᠡᠭᠡ ᠬᠠᠨᠭ᠍ᠭᠠᠨ ᠰᠠᠶᠢᠨ ᠰᠠᠶᠢᠬᠠᠨ ᠤᠷᠴᠢᠨ ᠠᠬᠤᠢ ᠶᠢ ᠪᠦᠷᠢᠯᠳᠦᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠠᠷᠢᠯᠴᠠᠨ ᠠᠰᠢᠬᠲᠠᠢ ᠬᠠᠮᠲᠦᠪᠡᠷ ᠠᠰᠢᠭ ᠬᠦᠷᠲᠡᠬᠦ ᠬᠠᠮᠲᠦᠪᠡᠷ ᠬᠦᠭᠵᠢᠬᠦ ᠶᠢ ᠴᠢᠷᠮᠠᠶᠢᠨ ᠠᠬᠢᠭᠤᠯᠤᠨ᠎ᠠ ᠭᠡᠪᠡ᠃

    ᠸᠠᠩ ᠳ᠋ᠦᠩ ᠥᠪᠡᠷᠳᠡᠭᠡᠨ ᠵᠠᠰᠠᠬᠤ ᠤᠷᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠯᠠᠨ ᠵᠢᠯ ᠤᠨ ᠲᠤᠷᠰᠢᠬᠢ ᠪᠡᠭᠡᠵᠢᠩ ᠰᠲ᠋ᠤᠺ ᠡᠵᠡᠮᠰᠢᠯ ᠤᠨ ᠪᠦᠯᠦᠭᠯᠡᠯ ᠢ ᠬᠦᠴᠦᠲᠠᠢ ᠲᠡᠮᠵᠢᠭᠰᠡᠭᠡᠷ ᠢᠷᠡᠭᠰᠡᠨ ᠳᠤ ᠲᠠᠯᠠᠷᠬᠠᠬᠰᠠᠨ ᠪᠦᠭᠡᠳ ᠥᠪᠤᠷ ᠮᠤᠩᠭᠤᠯ ᠳᠠᠬᠢ ᠬᠦᠷᠦᠩᠬᠡ ᠤᠷᠤᠭᠤᠯᠤᠯᠲᠠ ᠪᠠ ᠬᠦᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠪᠡᠭᠡᠵᠢᠩ ᠰᠲ᠋ᠤᠺ ᠡᠵᠡᠮᠳᠡᠯ ᠤᠨ ᠪᠦᠯᠦᠭᠯᠡᠯ ᠲᠠᠪᠠᠭᠤᠯᠢᠭ ᠢᠶᠠᠨ ᠪᠠᠳᠠᠷᠠᠭᠤᠯᠤᠨ ᠬᠦᠷᠦᠩᠬᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠦ᠂ ᠠᠵᠢᠯ ᠦᠢᠯᠡᠰ ᠤᠨ ᠬᠦᠷᠢᠶ᠎ᠠ ᠬᠡᠪᠴᠢᠶ᠎ᠡ ᠪᠠᠨ ᠦᠷᠭᠡᠳᠬᠡᠵᠦ᠂ ᠥᠪᠤᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠡ ᠶᠢ ᠲᠤᠰᠠᠯᠠᠨ ᠠᠬᠢᠭᠤᠯᠤᠨ᠎ᠠ ᠭᠡᠪᠡ᠃

    ᠥᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠯᠦᠸᠧ ᠶᠦᠩ ᠭᠠᠩ᠂ ᠸᠠᠩ ᠪᠦᠸᠧ ᠠᠭᠤᠯᠵᠠᠯᠲᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120030209