蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠪᠠᠢ ᠢᠤᠢ ᠭᠠᠩ ᠰᠤᠷᠳᠠᠯ ᠤᠬᠠᠭᠤᠯᠭ᠎ᠠ ᠶᠢᠨ ᠬᠡᠯᠳᠡᠰ ᠤᠨ ᠳᠠᠷᠤᠭ᠎ᠠ ᠪᠡᠷ ᠳᠤᠮᠢᠯᠠᠭᠳᠠᠪᠠ

2016-12-01 15:02

    ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠬᠡ ᠶᠢ ᠦᠨᠳᠦᠰᠦᠯᠡᠪᠡᠯ᠂ 11 ᠰᠠᠷ᠎ᠠ ᠶᠢᠨ 27 ᠤ ᠦᠳᠡ ᠶᠢᠨ ᠬᠤᠶᠢᠨ᠎ᠠ ᠦᠪᠦᠷ ᠮᠤᠩᠭᠤᠯ ᠤᠨ ᠠᠷᠪᠠᠳᠤᠭᠠᠷ ᠬᠤᠭᠤᠴᠠᠭᠠᠨ ᠤ ᠨᠠᠮ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠲᠧᠯᠧᠶ᠋ᠰ ᠤᠳᠠᠰᠤᠳᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠤᠷᠳᠠᠯ ᠤᠬᠠᠭᠤᠯᠭ᠎ᠠ ᠶᠢᠨ ᠬᠡᠯᠳᠡᠰ ᠤᠨ ᠳᠠᠷᠤᠭ᠎ᠠ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠱᠦᠵᠢ ᠪᠠᠢ ᠢᠤᠢ ᠭᠠᠩ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠠᠢ᠃ ᠤᠶᠢᠯᠠᠭᠠᠭᠰᠠᠨ ᠢᠶᠡᠷ᠂ ᠡᠨᠡᠬᠦ ᠬᠤᠷᠠᠯ ᠳᠤ ᠪᠠᠢ ᠢᠤᠢ ᠭᠠᠩ ᠠᠩᠬ᠎ᠠ ᠤᠳᠠᠭ᠎ᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠤᠷᠳᠠᠯ ᠤᠬᠠᠭᠤᠯᠭ᠎ᠠ ᠶᠢᠨ ᠬᠡᠯᠳᠡᠰ ᠤᠨ ᠳᠠᠷᠤᠭ᠎ᠠ ᠶᠢᠨ ᠨᠡᠷ᠎ᠡ ᠶᠢᠨ ᠡᠮᠦᠨ᠎ᠡ ᠡᠴᠡ ᠤᠷᠤᠯᠴᠠᠭᠰᠠᠨ ᠪᠠᠶᠢᠨ᠎ᠠ᠃

    ᠪᠠᠢ ᠢᠤᠢ ᠭᠠᠩ᠂ ᠡᠷᠡᠭᠳᠡᠢ᠂ ᠮᠤᠩᠭᠤᠯ ᠦᠨᠳᠦᠰᠦᠳᠡᠨ᠂ 1965 ᠤᠨ ᠤ 8 ᠰᠠᠷ᠎ᠠ ᠳᠤ ᠳᠦᠷᠦᠭᠰᠡᠨ᠂ ᠦᠪᠦᠷ ᠮᠤᠩᠭᠤᠯ ᠤᠨ ᠤᠷᠳᠤᠰ ᠬᠤᠳᠠ ᠶᠢᠨ ᠳᠠᠯᠠᠳ ᠬᠤᠰᠢᠭᠤᠨ ᠤ ᠬᠦᠮᠦᠨ᠃ 1993 ᠤᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1988 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠤᠳᠬ᠎ᠠ ᠵᠤᠬᠢᠶᠠᠯ ᠤᠨ ᠮᠠᠬᠢᠰᠲ᠋ᠷ᠂ ᠡᠳ᠋ ᠤᠨ ᠵᠠᠰᠠᠭᠴᠢ᠃ ᠤᠷᠢᠳᠤ ᠨᠢ ᠤᠯᠠᠭᠠᠨᠬᠠᠳᠠ ᠬᠤᠳᠠ ᠶᠢᠨ ᠳᠡᠳ᠋ ᠬᠤᠳᠠ ᠶᠢᠨ ᠳᠠᠷᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠤᠷᠳᠠᠯ ᠤᠬᠠᠭᠤᠯᠭ᠎ᠠ ᠶᠢᠨ ᠬᠡᠯᠳᠡᠰ ᠤᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠤ ᠡᠷᠬᠢᠯᠡᠭᠴᠢ᠂ ᠤᠷᠳᠤᠰ ᠬᠤᠳᠠ ᠶᠢᠨ ᠨᠠᠮ ᠤ ᠬᠤᠷᠢᠶᠠᠨ ᠤ ᠱᠦᠵᠢ ᠵᠡᠷᠬᠡ ᠳᠤᠰᠢᠶᠠᠯ ᠢ ᠬᠠᠷᠢᠭᠤᠴᠠᠵᠤ ᠪᠠᠶᠢᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120031960