蒙古文网站Logo
ᠰᠢᠨᠬᠤᠸᠠ ᠮᠤᠩᠭ᠋ᠤᠯ ᠨᠧᠲ

ᠰᠦᠩ ᠯᠢᠶᠠᠩ ᠳᠦᠩᠯᠢᠶᠤᠤ ᠬᠤᠳᠠ ᠶᠢᠨ ᠨᠠᠮ ᠤ ᠬᠤᠷᠢᠶᠠᠨ ᠤ ᠱᠦᠵᠢ ᠪᠡᠷ ᠳᠤᠮᠢᠯᠠᠭᠳᠠᠪᠠ

2016-12-01 15:18

    11 ᠰᠠᠷ᠎ᠠ ᠶᠢᠨ 29 ᠤ ᠦᠳᠡ ᠶᠢᠨ ᠡᠮᠦᠨ᠎ᠡ᠂ ᠳᠦᠩᠯᠢᠶᠤᠤ ᠬᠤᠳᠠ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠡᠴᠡ ᠳᠦᠩᠯᠢᠶᠤᠤ ᠬᠤᠳᠠ ᠶᠢᠨ ᠭᠤᠤᠯ ᠴᠢᠬᠤᠯᠠ ᠤᠳᠤᠷᠢᠳᠬᠤ ᠬᠦᠮᠦᠰ ᠲᠤ ᠳᠤᠬᠢᠷᠠᠭᠤᠯᠤᠯᠳᠠ ᠬᠢᠭᠰᠡᠨ ᠳᠤᠬᠠᠢ ᠳᠤᠭᠳᠠᠭᠠᠯ ᠢ ᠨᠡᠶᠢᠳᠡᠯᠡᠵᠡᠢ᠃

    ᠳᠤᠭᠳᠠᠭᠠᠯ ᠳᠤ᠂ ᠰᠦᠩ ᠯᠢᠶᠠᠩ ᠳᠦᠩᠯᠢᠶᠤᠤ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠱᠦᠵᠢ ᠶᠢᠨ ᠳᠤᠰᠢᠶᠠᠯ ᠢ ᠬᠠᠷᠢᠭᠤᠴᠠᠵᠤ᠂ ᠯᠦᠧᠧ ᠶᠦᠩ ᠭᠠᠩ ᠳᠦᠩᠯᠢᠶᠤᠤ ᠬᠤᠳᠠ ᠶᠢᠨ ᠱᠦᠵᠢ᠂ ᠪᠠᠶᠢᠩᠭᠤ ᠶᠢᠨ ᠬᠡᠰᠢᠬᠦᠨ᠂ ᠬᠡᠰᠢᠬᠦᠨ ᠤ ᠳᠤᠰᠢᠶᠠᠯ ᠢ ᠳᠠᠬᠢᠵᠤ ᠬᠠᠷᠢᠭᠤᠴᠠᠬᠤ ᠦᠬᠡᠢ ᠬᠡᠵᠡᠢ᠃

    ᠰᠦᠩ ᠯᠢᠶᠠᠩ᠂ ᠡᠷᠡᠭᠳᠡᠢ᠂ ᠬᠢᠳᠠᠳ ᠦᠨᠳᠦᠰᠦᠳᠡᠨ᠂ 1963 ᠤᠨ ᠤ 12 ᠰᠠᠷ᠎ᠠ ᠳᠤ ᠳᠦᠷᠦᠭᠰᠡᠨ᠂ ᠡᠾᠧᠪᠧᠢ ᠮᠤᠵᠢ ᠶᠢᠨ ᠰᠢᠨ ᠵᠢᠢ ᠶᠢᠨ ᠬᠦᠮᠦᠨ᠃ 1990 ᠤᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1985 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ ᠤᠷᠢᠳᠤ ᠨᠢ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠮ ᠳᠡᠬᠡᠬᠡᠪᠦᠷᠢ ᠶᠢᠨ ᠳᠢᠩᠬᠢᠮ ᠤᠨ ᠳᠠᠷᠤᠭ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠵᠡᠷᠬᠡ ᠳᠤᠰᠢᠶᠠᠯ ᠤᠳ ᠢ ᠬᠠᠷᠢᠭᠤᠴᠠᠵᠤ ᠪᠠᠶᠢᠪᠠ᠃

ᠢᠷᠡᠯᠳᠡ᠄ ᠳᠦᠩᠯᠢᠶᠤᠤ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120032168