蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠠᠶᠤᠯᠬᠦᠢ ᠶᠢᠨ ᠬᠢᠨᠠᠨ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ᠄ ᠤᠯᠠᠭᠠᠨᠬᠠᠳᠠ ᠶᠢᠨ ᠨᠡᠬᠦᠷᠡᠰᠦᠨ ᠠᠭᠤᠷᠬᠠᠢ ᠶᠢᠨ ᠳᠡᠯᠪᠡᠷᠡᠯᠳᠡ ᠨᠢ ᠬᠠᠤᠯᠢ ᠪᠤᠰᠤ ᠦᠢᠯᠡᠳᠪᠦᠷᠢᠯᠡᠯ ᠡᠴᠡ ᠰᠢᠯᠳᠠᠭᠠᠯᠠᠵᠠᠢ

2016-12-05 10:43

    ᠰᠢᠨᠬᠤᠧᠠ ᠬᠤᠷᠢᠶ᠎ᠠ   ᠬᠦᠬᠡᠬᠤᠳᠠ ᠶᠢᠨ 12 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠰᠢᠤᠢ ᠪᠦᠧᠧ᠂ ᠽᠧᠤ ᠵᠢᠶᠠᠨ ᠫᠦ᠋) ᠤᠯᠤᠰ ᠤᠨ ᠠᠶᠤᠯᠬᠦᠢ ᠶᠢᠨ ᠬᠢᠨᠠᠨ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ ᠶᠢᠨ ᠳᠠᠷᠤᠭ᠎ᠠ ᠶᠠᠩ ᠬᠤᠧᠠᠨ ᠨᠢᠩ 4 ᠤ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨᠬᠠᠳᠠ ᠬᠤᠳᠠ ᠶᠢᠨ ᠨᠡᠬᠦᠷᠡᠰᠦᠨ ᠠᠭᠤᠷᠬᠠᠢ ᠶᠢᠨ ᠳᠡᠯᠪᠡᠷᠡᠯᠳᠡ ᠨᠢ ᠬᠦᠨᠳᠦ ᠨᠤᠴᠢᠳᠠᠢ ᠬᠠᠤᠯᠢ ᠪᠤᠰᠤ ᠦᠢᠯᠡᠳᠪᠦᠷᠢᠯᠡᠯ ᠡᠴᠡ ᠰᠢᠯᠳᠠᠭᠠᠯᠠᠭᠰᠠᠨ ᠬᠡᠵᠡᠢ᠃

    ᠰᠠᠶ᠊ᠢᠬᠠᠨ ᠬᠤᠷᠠᠯᠳᠤᠭᠤᠯᠤᠭᠰᠠᠨ ᠤᠯᠤᠰ ᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠤᠷᠠᠯ ᠳᠡᠬᠡᠷ᠎ᠡ ᠶᠠᠩ ᠬᠤᠧᠠᠨ ᠨᠢᠩ ᠪᠠᠰᠠ ᠤᠶᠢᠷ᠎ᠠ ᠶᠢᠨ ᠰᠠᠷ᠎ᠠ ᠭᠠᠷᠤᠢ ᠶᠢᠨ ᠬᠤᠭᠤᠴᠠᠭᠠᠨ ᠳᠤ ᠳᠤᠮᠤ ᠬᠡᠷᠡᠭ ᠵᠠᠯᠭᠠᠪᠠᠷ ᠡᠬᠦᠰᠴᠤ ᠮᠠᠰᠢ ᠤᠯᠠᠨ ᠬᠦᠮᠦᠨ ᠡᠨᠳᠡᠵᠤ ᠰᠢᠷᠬᠠᠳᠤᠭᠰᠠᠨ᠂ ᠪᠠᠶᠢᠳᠠᠯ ᠮᠠᠰᠢ ᠬᠦᠨᠳᠦ ᠨᠤᠴᠢᠳᠠᠢ᠂ ᠬᠦᠨ ᠰᠤᠷᠭᠠᠮᠵᠢ ᠠᠪᠬᠤ ᠬᠡᠷᠡᠭᠳᠡᠢ ᠬᠡᠯ᠎ᠡ᠃ ᠬᠤᠷᠠᠯ ᠢᠶᠡᠷ᠂ ᠴᠦᠩᠴᠢᠩ ᠬᠤᠳᠠ ᠶᠢᠨ ᠶᠦᠩ ᠴᠤᠧᠠᠨ ᠳᠤᠭᠤᠷᠢᠭ ᠤᠨ ᠵᠢᠨ ᠱᠠᠨ ᠭᠤᠤ ᠳ᠋ᠡᠬᠢ ᠨᠡᠬᠦᠷᠡᠰᠦᠨ ᠠᠭᠤᠷᠬᠠᠢ ᠶᠢᠨ 《10·31》 ᠤ ᠤᠨᠴᠠ ᠳᠤᠮᠤ ᠬᠡᠷᠡᠭ᠂ ᠬᠠᠷᠠᠮᠦ᠋ᠷᠡᠨ ᠮᠤᠵᠢ ᠶᠢᠨ ᠴᠢ ᠲᠠᠢ ᠡᠾᠧ ᠬᠤᠳᠠ ᠶᠢᠨ ᠵᠢᠩ ᠶᠢᠤ ᠨᠡᠬᠦᠷᠡᠰᠦᠨ ᠠᠭᠤᠷᠬᠠᠢ ᠶᠢᠨ 《11·29》 ᠤ ᠤᠨᠴᠠ ᠳᠤᠮᠤ ᠬᠡᠷᠡᠭ᠂ ᠦᠪᠦᠷ ᠮᠤᠩᠭᠤᠯ ᠤᠨ ᠤᠯᠠᠭᠠᠨᠬᠠᠳᠠ ᠬᠤᠳᠠ ᠶᠢᠨ ᠪᠤᠤ ᠮᠠ ᠨᠡᠬᠦᠷᠡᠰᠦᠨ ᠠᠭᠤᠷᠬᠠᠢ ᠶᠢᠨ 《12·03》 ᠤ ᠤᠨᠴᠠ ᠳᠤᠮᠤ ᠬᠡᠷᠡᠭ ᠨᠢ ᠴᠦᠮ ᠭᠠᠰ ᠳᠡᠯᠪᠡᠷᠡᠭᠰᠡᠨ ᠡᠴᠡ ᠪᠤᠯᠤᠭᠰᠠᠨ᠂ ᠮᠦᠨ ᠴᠦᠮ ᠬᠦᠨᠳᠦ ᠨᠤᠴᠢᠳᠠᠢ ᠬᠠᠤᠯᠢ ᠪᠤᠰᠤ ᠦᠢᠯᠡᠳᠪᠦᠷᠢᠯᠡᠯ ᠡᠴᠡ ᠰᠢᠯᠳᠠᠭᠠᠯᠠᠭᠰᠠᠨ᠂ ᠪᠦᠷ ᠦᠢᠯᠡᠳᠪᠦᠷᠢᠯᠡᠬᠦ ᠪᠡᠨ ᠵᠤᠭᠰᠤᠭᠰᠠᠨ ᠪᠤᠶᠤ ᠬᠤᠴᠤᠷᠤᠩᠭᠤᠢ ᠴᠢᠳᠠᠪᠬᠢ ᠶᠢᠨ ᠦᠢᠯᠡᠳᠪᠦᠷᠢᠯᠡᠯ ᠲᠠᠢ ᠨᠡᠬᠦᠷᠡᠰᠦᠨ ᠤ ᠠᠭᠤᠷᠬᠠᠢ ᠨᠤᠭᠤᠳ᠂ ᠪᠦᠷ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠯᠭ᠎ᠠ ᠡᠴᠡ ᠪᠠᠶᠢᠴᠠᠭᠠᠨ ᠰᠢᠶ᠋ᠳᠪᠦᠷᠢᠯᠡᠭᠰᠡᠨ ᠨᠡᠬᠦᠷᠡᠰᠦᠨ ᠤ ᠠᠭᠤᠷᠬᠠᠢ ᠨᠤᠭᠤᠳ ᠪᠤᠯᠤᠨ᠎ᠠ ᠬᠡᠵᠤ ᠵᠠᠳᠠᠯᠵᠠᠢ᠃

    ᠶᠠᠩ ᠬᠤᠧᠠᠨ ᠮᠢᠩ᠂ ᠬᠡᠷᠡᠴᠢᠯᠡᠬᠡ ᠨᠢ ᠪᠦᠷᠢᠨ ᠪᠤᠰᠤ ᠪᠦᠬᠦ ᠳᠦᠷᠦᠯ ᠤᠨ ᠨᠡᠬᠦᠷᠡᠰᠦᠨ ᠤ ᠠᠭᠤᠷᠬᠠᠢ ᠨᠤᠭᠤᠳ ᠳᠠᠷᠤᠶᠢᠬᠠᠨ ᠦᠢᠯᠡᠳᠪᠦᠷᠢᠯᠡᠯ ᠢᠶᠡᠨ ᠵᠤᠭᠰᠤᠬᠤ ᠬᠡᠷᠡᠭᠳᠡᠢ᠂ ᠴᠢᠩᠭ᠎ᠠ ᠬᠢᠨᠠᠨ ᠰᠢᠯᠭᠠᠯᠳᠠ ᠪᠡᠷ ᠳᠠᠮᠵᠢᠭᠰᠠᠨ ᠦᠬᠡᠢ ᠳᠤᠬᠢᠶᠠᠯᠳᠤᠯ ᠳᠤ ᠤᠯᠪᠤᠷᠢᠯᠠᠬᠤ ᠡᠷᠬᠡ ᠤᠯᠭᠤᠵᠤ ᠪᠤᠯᠬᠤ ᠦᠬᠡᠢ᠂ ᠳᠤᠷ᠎ᠠ ᠪᠡᠷ ᠵᠤᠬᠢᠶᠠᠨ ᠪᠠᠶᠢᠭᠤᠯᠵᠤ ᠦᠢᠯᠡᠳᠪᠦᠷᠢᠯᠡᠬᠦ ᠶᠢ ᠴᠢᠩᠭ᠎ᠠ ᠬᠤᠷᠢᠭᠯᠠᠬᠤ ᠬᠡᠷᠡᠭᠳᠡᠢ᠂ ᠵᠢᠯ ᠳᠤᠳᠤᠮ ᠤᠨ ᠦᠢᠯᠡᠳᠪᠦᠷᠢᠯᠡᠯ ᠨᠢ 9 ᠲᠤᠨ ᠡᠴᠡ ᠪᠠᠭ᠎ᠠ ᠮᠦᠷᠳᠡᠬᠡᠨ ᠦᠨᠳᠦᠰᠦᠨ ᠠᠶᠤᠯᠬᠦᠢ ᠦᠢᠯᠡᠳᠪᠦᠷᠢᠯᠡᠯ ᠤᠨ ᠨᠦᠬᠦᠴᠡᠯ ᠳᠤ ᠵᠤᠬᠢᠴᠠᠬᠤ ᠦᠬᠡᠢ ᠪᠤᠯ ᠳᠤᠬᠠᠢ ᠶᠢᠨ ᠭᠠᠵᠠᠷ ᠤᠨ ᠵᠠᠰᠠᠭ ᠤᠨ ᠤᠷᠳᠤᠨ ᠳᠤ ᠳᠡᠷᠡ ᠳᠠᠷᠤᠢ ᠰᠠᠨᠠᠭᠤᠯᠵᠤ ᠳᠦᠯᠦᠪᠯᠡᠬᠡᠨ ᠡᠴᠡ ᠭᠠᠷᠭᠠᠬᠤ ᠬᠡᠷᠡᠭᠳᠡᠢ ᠬᠡᠵᠤ ᠱᠠᠭᠠᠷᠳᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120053560