蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ᠄ ᠲᠡᠯᠪᠡᠷᠡᠯᠲᠡ ᠡᠭᠦᠰᠦᠭᠰᠡᠨ ᠰᠢᠯᠲᠠᠭᠠᠨ ᠢ ᠲᠦᠷᠭᠡᠨ ᠲᠤᠳᠤᠷᠠᠭᠤᠯᠵᠤ ᠠᠶᠤᠯᠭᠦᠢ ᠶᠢᠨ ᠪᠠᠶᠢᠳᠠᠯ ᠢ ᠪᠦᠬᠦ ᠲᠠᠯ᠎ᠠ ᠪᠡᠷ ᠲᠤᠶᠢᠯᠪᠤᠷᠢᠲᠠᠢ ᠬᠢᠨᠠᠨ ᠰᠢᠯᠭᠠᠨ᠎ᠠ

2016-12-05 11:47

ᠪᠦ᠋ ᠰᠢᠶᠤᠤ ᠯᠢᠨ ᠤᠯᠠᠭᠠᠨᠬᠠᠳᠠ ᠶᠢᠨ《12.03》 ᠤ ᠭᠠᠰ ᠤᠨ ᠲᠡᠯᠪᠡᠷᠡᠯᠲᠡ ᠶᠢᠨ ᠬᠡᠷᠡᠭ ᠤᠨ ᠭᠠᠵᠠᠷ ᠲᠡᠭᠡᠷ᠎᠎ᠡ ᠨᠢ ᠠᠪᠤᠷᠠᠨ ᠲᠤᠰᠠᠯᠠᠬᠤ ᠠᠵᠢᠯᠯᠠᠭ᠎ᠠ ᠶᠢ ᠵᠢᠯᠤᠭᠤᠳᠴᠤ ᠪᠠᠶᠢᠬᠤ ᠦᠶᠡᠰ ᠴᠢᠬᠤᠯᠠᠴᠢᠯᠠᠭᠰᠠᠨ ᠨᠢ

ᠬᠡᠷᠡᠭ ᠤᠨ ᠰᠢᠯᠲᠠᠭᠠᠨ ᠢ ᠲᠦᠷᠭᠡᠨ ᠲᠤᠳᠤᠷᠠᠭᠤᠯᠵᠤ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ ᠠᠶᠤᠯᠭᠦᠢ ᠶᠢᠨ ᠪᠠᠶᠢᠳᠠᠯ ᠢ ᠪᠦᠬᠦ ᠲᠠᠯ᠎ᠠ ᠪᠡᠷ ᠲᠤᠶᠢᠯᠪᠤᠷᠢᠲᠠᠢ ᠬᠢᠨᠠᠨ ᠰᠢᠯᠭᠠᠨ᠎ᠠ

    12 ᠰᠠᠷ᠎ᠠ ᠶᠢᠨ 3 ᠤ ᠡᠳᠦᠷ ᠤᠨ 18᠄ 00 ᠴᠠᠭ ᠲᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠬᠠᠲᠠ ᠬᠤᠲᠠ ᠶᠢᠨ ᠪᠤᠤ ᠮᠠ ᠠᠭᠤᠷᠬᠠᠢ ᠶᠢᠨ ᠬᠢᠵᠠᠭᠠᠷᠲᠤ ᠺᠤᠮᠫᠠᠨᠢ ᠶᠢᠨ ᠤᠰᠤᠯ ᠤᠨ ᠭᠠᠵᠠᠷ ᠲᠤ ᠬᠦᠷᠴᠤ ᠠᠪᠤᠷᠠᠨ ᠲᠤᠰᠠᠯᠠᠬᠤ ᠠᠵᠢᠯ ᠢ ᠵᠢᠯᠤᠭᠤᠳᠪᠠ᠃

    ᠪᠦ᠋ ᠰᠢᠶᠤᠤ ᠯᠢᠨ ᠴᠢᠬᠤᠯᠠᠴᠢᠯᠠᠭᠰᠠᠨ ᠢᠶᠡᠷ᠂ ᠪᠦᠬᠦ ᠬᠦᠴᠦᠨ ᠢᠶᠡᠷ ᠪᠤᠯᠠᠭᠳᠠᠭᠰᠠᠨ ᠬᠦᠮᠦᠰ ᠢ ᠠᠪᠤᠷᠠᠨ ᠲᠤᠰᠠᠯᠠᠵᠤ᠂ ᠰᠢᠨᠵᠢᠯᠡᠬᠦ ᠤᠬᠠᠭᠠᠨᠴᠢ ᠪᠡᠷ ᠠᠪᠤᠷᠠᠯᠲᠠ ᠬᠢᠵᠤ ᠳᠠᠬᠢᠨᠲᠠ ᠤᠰᠤᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠰᠢᠷᠠᠭᠳᠤᠭᠰᠠᠳ ᠢ ᠪᠦᠬᠦ ᠬᠦᠴᠦᠨ ᠢᠶᠡᠷ ᠡᠮᠨᠠᠨ ᠵᠠᠰᠠᠬᠤ᠂ ᠡᠨᠳᠡᠵᠤ ᠰᠢᠷᠬᠠᠳᠤᠬᠤ ᠶᠢ ᠬᠠᠮᠤᠭ ᠤᠨ ᠶᠡᠬᠡ ᠪᠡᠷ ᠬᠢᠵᠠᠭᠠᠷᠯᠠᠬᠤ᠂ ᠰᠢᠷᠬᠠᠳᠤᠭᠰᠠᠳ ᠢ ᠵᠤᠬᠢᠰᠲᠠᠢ ᠲᠦᠪᠬᠢᠨᠡᠭᠦᠯᠬᠦ᠂ ᠭᠡᠷ ᠪᠦᠯᠢ ᠶᠢ ᠨᠢ ᠪᠤᠯᠭᠤᠭᠠᠨ ᠲᠤᠬᠢᠨᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠬᠡᠷᠡᠭ ᠢ ᠬᠢᠨᠠᠨ ᠰᠢᠯᠭᠠᠬᠤ ᠪᠠᠭ ᠢ ᠲᠦᠷᠭᠡᠨ ᠵᠤᠬᠢᠶᠠᠨ ᠪᠠᠶᠢᠭᠤᠯᠬᠤ ᠶᠢᠨ ᠬᠠᠮᠲᠤ ᠸᠠᠩ ᠪᠦᠸᠸ ᠨᠦᠬᠦᠷ ᠢᠶᠡᠷ ᠬᠠᠷᠢᠴᠠᠭᠤᠯᠵᠤ᠂ ᠰᠢᠯᠲᠠᠭᠠᠨ ᠢ ᠲᠦᠷᠭᠡᠨ ᠲᠤᠳᠤᠷᠠᠭᠤᠯᠤᠨ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠠ᠃ ᠲᠦᠪ᠂ ᠦᠪᠡᠷᠲᠡᠭᠡᠨ ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠬᠦ ᠱᠠᠭᠠᠷᠳᠠᠯᠭ᠎ᠠ ᠶᠢᠨ ᠪᠠᠶᠢᠷᠢᠰᠢᠯᠠᠭᠤᠯᠤᠯᠲᠠ ᠶᠢ ᠪᠦᠬᠦ ᠲᠠᠯ᠎ᠠ ᠪᠡᠷ ᠨᠠᠶᠢᠳᠠᠪᠤᠷᠵᠢᠭᠤᠯᠤᠨ᠂ ᠠᠷᠠᠳ ᠢᠷᠭᠡᠳ ᠤᠨ ᠠᠮᠢ ᠨᠠᠰᠤᠨ ᠤ ᠠᠮᠤᠷ ᠲᠦᠪᠰᠢᠨ ᠢ ᠨᠢᠭᠡᠳᠦᠭᠡᠷ ᠲᠦ ᠲᠠᠯᠪᠢᠵᠤ᠂ ᠬᠠᠷᠢᠭᠤᠴᠠᠯᠭ ᠠ ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠠᠢ᠃ ᠲᠦᠪ ᠴᠢᠩᠭ᠎ᠠ᠂ ᠪᠦᠬᠦ ᠲᠠᠯ᠎ᠠ ᠪᠡᠷ᠂ ᠲᠤᠶᠢᠯᠪᠤᠷᠢᠲᠠᠢ ᠠᠶᠤᠯᠭᠦᠢ ᠶᠢᠨ ᠪᠠᠶᠢᠳᠠᠯ ᠢ ᠬᠢᠨᠠᠨ ᠰᠢᠯᠭᠠᠵᠤ ᠬᠢᠨᠠᠨ ᠬᠠᠮᠢᠶᠠᠷᠤᠯᠲᠠ ᠪᠤᠯᠤᠨ ᠰᠡᠷᠭᠡᠶᠢᠯᠡᠬᠦ ᠠᠷᠭ᠎ᠠ ᠬᠡᠮᠵᠢᠶ᠎ᠠ ᠶᠢ ᠰᠠᠶᠢᠲᠤᠷ ᠬᠡᠷᠡᠭᠵᠢᠭᠦᠯᠤᠨ ᠬᠦᠨᠲᠤ ᠶᠡᠬᠡ ᠬᠡᠷᠡᠭ ᠤᠴᠢᠷ ᠲᠠᠬᠢᠨ ᠡᠭᠦᠰᠬᠦ ᠡᠴᠡ ᠰᠡᠷᠭᠡᠶᠢᠯᠡᠬᠦ ᠬᠡᠷᠡᠭᠲᠠᠢ ᠭᠡᠵᠠᠢ᠃ (ᠳᠠᠳᠤᠯᠭ᠎ᠠ ᠶᠢᠨ ᠰᠤᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120691120054623