蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ᠄ ᠪᠠᠳᠤᠯᠠᠭ᠎ᠠ ᠲᠠᠢ ᠨᠠᠶᠢᠳᠠᠪᠤᠷᠢᠳᠠᠢ ᠠᠷᠭ᠎ᠠ ᠬᠡᠮᠵᠢᠶ᠎ᠡ ᠶᠢ ᠳᠦᠷᠬᠡᠨ ᠰᠢᠭᠤᠷᠬᠠᠢ ᠬᠡᠷᠡᠭᠵᠢᠬᠦᠯᠵᠤ ᠤᠰᠤᠯ ᠡᠴᠡ ᠪᠤᠯᠤᠭᠰᠠᠨ ᠲᠠᠭᠠᠯᠳᠠ ᠠᠵᠢᠯ ᠢ ᠡᠷᠴᠢᠮᠳᠡᠢ ᠬᠢᠬᠦ ᠬᠡᠷᠡᠭᠳᠡᠢ

2016-12-05 13:22

    

ᠯᠢ ᠵᠢᠢ ᠡᡁᠧᠩ ᠰᠢᠷᠬᠠᠳᠤᠭᠰᠠᠨ ᠠᠵᠢᠯᠳᠠᠨ ᠢ ᠪᠤᠯᠭᠤᠭᠠᠨ ᠦᠵᠡᠪᠡ

    12 ᠰᠠᠷ᠎ᠠ ᠶᠢᠨ 4 ᠤ᠋ ᠦᠷᠯᠥᠬᠡ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠳᠤ ᠪᠠᠶᠢᠴᠠᠭᠠᠨ ᠰᠤᠳᠤᠯᠤᠯᠳᠡ ᠬᠢᠵᠤ ᠪᠠᠶᠢᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠤᠯᠠᠭᠠᠨᠬᠠᠳᠠ ᠬᠤᠳᠠ ᠳᠤ ᠠᠮᠵᠢᠨ ᠬᠦᠷᠴᠦ᠂ 《12·03》  ᠤ᠋ ᠨᠡᠬᠦᠷᠡᠰᠤᠨ ᠠᠭᠤᠷᠬᠠᠢ ᠶᠢᠨ ᠤᠰᠤᠯ ᠢᠶᠡᠷ ᠡᠨᠳᠡᠵᠤ ᠰᠢᠷᠬᠠᠳᠤᠭᠰᠠᠳ ᠵᠢᠴᠢ ᠳᠡᠳᠡᠨᠡᠷ ᠤᠨ ᠭᠡᠷ ᠪᠦᠯᠢ ᠶᠢᠨ ᠬᠢᠨ᠂ ᠠᠪᠤᠷᠠᠨ ᠲᠤᠰᠠᠯᠠᠭᠴᠢᠳ᠂ ᠡᠮᠴᠢ ᠰᠤᠪᠢᠯᠠᠭᠴᠢᠳ ᠢ ᠲᠤᠬᠤᠨᠢᠭᠤᠯᠵᠤ᠂ ᠠᠵᠢᠯ ᠤᠨ ᠬᠠᠷᠢᠭᠤ ᠮᠡᠳᠡᠬᠦᠯᠥᠯᠳᠡ ᠶᠢ ᠰᠤᠨᠤᠰᠪᠠ᠃

    ᠶᠡᠷᠤᠩᠬᠡᠢ ᠰᠠᠶᠢᠳ ᠯᠢ ᠺᠧ ᠴᠢᠶᠠᠩ ᠵᠡᠷᠬᠡ ᠲᠦᠪ ᠤᠨ ᠤᠳᠤᠷᠢᠳᠤᠯᠭ᠎ᠠ ᠶᠢᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠢᠭᠤᠷᠬᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠵᠡᠷᠬᠡᠴᠡᠬᠡ ᠤᠯᠤᠰ ᠤᠨ ᠠᠶᠤᠯᠬᠦᠢ ᠦᠢᠯᠡᠳᠪᠤᠷᠢᠯᠡᠯ ᠤᠨ ᠬᠢᠨᠠᠠ ᠬᠠᠮᠢᠶᠠᠷᠤᠯᠳᠠ ᠶᠢᠨ ᠶᠡᠷᠤᠩᠬᠡᠢ ᠲᠤᠪᠴᠢᠶ᠎ᠠ ᠶᠢᠨ ᠱᠠᠭᠠᠷᠳᠠᠯᠭ᠎ᠠ ᠶᠢ ᠮᠦᠨ ᠰᠢᠭᠤᠷᠬᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠳᠤᠯᠠᠭ᠎ᠠ ᠲᠠᠢ᠂ ᠨᠠᠶᠢᠳᠠᠪᠤᠷᠢᠳᠠᠢ ᠠᠷᠭ᠎ᠠ ᠬᠡᠮᠵᠢᠶ᠎ᠡ ᠶᠢ ᠳᠦᠷᠬᠡᠨ ᠰᠢᠭᠤᠷᠬᠠᠢ ᠬᠡᠷᠡᠭᠵᠢᠬᠦᠯᠵᠤ ᠤᠰᠤᠯ ᠡᠴᠡ ᠪᠤᠯᠤᠭᠰᠠᠨ ᠳᠠᠭᠠᠯᠳᠠ ᠠᠵᠢᠯ ᠢ ᠡᠷᠴᠢᠮᠳᠡᠢ ᠬᠢᠬᠦ ᠬᠡᠷᠡᠭᠳᠡᠢ᠃ ᠡᠬᠦᠪᠡᠷ ᠠᠳᠡᠭᠰᠡᠳ ᠤᠨ ᠠᠷᠢᠭᠤᠨ ᠰᠦᠨᠡᠰᠤ ᠶᠢ ᠲᠠᠶᠢᠳᠬᠤᠷᠠᠭᠤᠯᠵᠥ᠂ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠬᠠᠨᠤᠮᠵᠢᠳᠠᠢ ᠬᠠᠷᠢᠭᠤᠯᠳᠡ ᠦᠭᠬᠦ ᠬᠡᠷᠡᠭᠳᠡᠢ ᠬᠡᠵᠤ ᠯᠢ ᠵᠢᠢ ᠡᡁᠧᠩ ᠴᠢᠬᠤᠯᠠᠴᠢᠯᠠᠪᠠ᠃

    《12·03》 ᠤ᠋ ᠨᠡᠬᠦᠷᠡᠰᠤᠨ ᠠᠭᠤᠷᠬᠠᠢ ᠶᠢᠨ ᠤᠰᠤᠯ ᠤᠨ ᠲᠠᠷᠠᠭ᠎ᠠ ᠲᠦᠪ ᠤᠨ ᠤᠳᠤᠷᠢᠳᠬᠤ ᠨᠦᠬᠦᠳ ᠳᠡᠷᠡ ᠲᠤᠤᠷ᠎ᠠ ᠨᠢ ᠴᠢᠬᠤᠯᠠ ᠴᠤᠬᠤᠯᠠᠪᠤᠷᠢ ᠦᠭᠴᠦ ᠤᠰᠤᠯ ᠠᠴᠠ ᠠᠪᠤᠷᠠᠨ ᠲᠤᠰᠠᠯᠠᠬᠤ᠂ ᠰᠢᠷᠬᠠᠳᠤᠭᠰᠠᠳ ᠢ ᠠᠪᠤᠷᠠᠨ ᠡᠮᠴᠢᠯᠡᠬᠦ ᠪᠠ ᠠᠳᠡᠭᠰᠡᠨ ᠤᠨ ᠬᠡᠷ ᠪᠦᠯᠢ ᠶᠢᠨ ᠬᠢᠨ ᠢ ᠳᠤᠬᠤᠨᠢᠭᠤᠯᠬᠤ ᠵᠡᠷᠬᠡ ᠳᠠᠯ᠎ᠠ ᠪᠡᠷ ᠲᠤᠳᠤᠷᠬᠠᠢ᠂ ᠪᠤᠳᠠᠳᠠᠢ ᠱᠠᠭᠠᠷᠳᠠᠯᠭ᠎ᠠ ᠲᠤᠷᠠᠳᠤᠭᠰᠠᠠ ᠪᠠᠶᠢᠨ᠎ᠠ᠃ 4 ᠤ ᠡᠳᠤᠷ ᠤᠨ 8᠄30 ᠴᠠᠭ ᠲᠤ᠂ ᠰᠦᠨᠢᠵᠢᠨ ᠤᠨᠳᠠᠭᠰᠠᠠ ᠦᠭᠡᠢ ᠯᠢ ᠵᠢᠢ ᠡᡁᠧᠩ ᠠᠯᠠᠱᠠ ᠪᠠᠷᠠᠭᠤᠨ ᠬᠤᠰᠢᠭᠤ ᠠᠴᠡ ᠨᠢᠰᠬᠦ ᠤᠩᠭᠤᠴᠠ ᠪᠡᠷ ᠤᠯᠠᠭᠠᠨᠬᠠᠳᠠ ᠬᠤᠳᠠ ᠳᠤ ᠬᠦᠷᠴᠦ᠂ ᠵᠠᠮ ᠳᠤᠷᠰᠢ ᠠᠵᠢᠯᠯᠠᠨ ᠤᠰᠤᠯ ᠢ ᠰᠢᠢᠳᠪᠤᠷᠢᠯᠡᠬᠦ ᠪᠡ ᠠᠶᠤᠯᠬᠦᠢ ᠦᠢᠯᠡᠳᠪᠤᠷᠢᠯᠡᠯ ᠤᠨ ᠠᠵᠢᠯ ᠢ ᠴᠢᠨᠠᠭᠰᠢᠳᠠ ᠪᠠᠶᠢᠷᠢᠯᠠᠭᠤᠯᠵᠠᠢ᠃ 10᠄30 ᠴᠠᠬ ᠲᠤ᠂ ᠯᠢ ᠵᠢᠢ ᠡᡁᠧᠩ ᠨᠢᠰᠬᠦ ᠤᠩᠭᠤᠴᠠᠨ ᠡᠴᠡ ᠪᠠᠭᠤᠮᠠᠬᠴᠠ ᠮᠠᠰᠢᠨ ᠲᠡᠷᠭᠡ ᠪᠠᠷ 《12·03》 ᠤ᠋ ᠤᠰᠤᠯ ᠭᠠᠷᠤᠬᠰᠠᠨ ᠨᠡᠬᠦᠷᠡᠰᠤᠨ ᠠᠭᠤᠷᠬᠠᠢ ᠶᠢᠨ ᠬᠤᠳᠳᠤᠬ ᠤᠨ ᠲᠡᠷᠭᠡᠳᠠ ᠬᠦᠷᠴᠦ᠂ ᠬᠤᠯᠪᠤᠬᠳᠠᠯ ᠪᠦᠬᠦᠢ ᠪᠠᠶᠢᠳᠠᠯ ᠢ ᠨᠠᠷᠢᠨ ᠤᠢᠢᠯᠠᠭᠠᠨ᠂ ᠬᠤᠶᠢᠰᠢᠳᠠ ᠶᠢᠨ ᠰᠢᠢᠳᠪᠤᠷᠢᠯᠡᠬᠦ ᠠᠵᠢᠯ ᠢ ᠭᠠᠵᠠᠷ ᠳᠡᠬᠡᠷ᠎ᠡ ᠨᠢ ᠵᠢᠯᠤᠭᠤᠳᠴᠤ᠂ ᠠᠳᠡᠭᠰᠡᠨ ᠠᠭᠤᠷᠬᠠᠢ ᠶᠢᠨ ᠠᠵᠢᠯᠴᠢᠳ ᠢ ᠡᠮᠬᠡᠨᠢᠨ ᠭᠠᠰᠢᠭᠤᠳᠠᠪᠠ᠃

    ᠯᠢ ᠵᠢᠢ ᠡᡁᠧᠩ ᠠᠪᠤᠷᠠᠨ ᠲᠤᠰᠠᠯᠠᠬᠤ ᠠᠵᠢᠯ ᠤᠨ ᠬᠦᠮᠤᠰ ᠲᠠᠢ ᠨᠢᠬᠡᠳ ᠨᠢᠬᠡ ᠪᠠᠷ ᠭᠠᠷ ᠠᠳᠬᠤᠵᠤ᠂ ᠦᠪᠡᠷᠳᠡᠬᠡᠡ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠨᠡᠷ᠎ᠡ ᠶᠢᠨ ᠡᠮᠦᠨ᠎ᠡ ᠡᠴᠡ ᠲᠡᠳᠡᠨᠤᠰ ᠤᠨ ᠠᠪᠤᠷᠠᠨ ᠲᠤᠰᠠᠯᠠᠬᠤ ᠠᠵᠢᠯ ᠳᠤ ᠯᠤᠳᠤ ᠶᠡᠭᠡ ᠴᠢᠷᠮᠠᠶᠢᠯᠭ᠎ᠠ ᠭᠠᠷᠭᠠᠨ ᠬᠠᠷᠠᠮ ᠦᠬᠡᠢ ᠵᠤᠷᠢᠭᠤᠯᠤᠬᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ 11᠄30 ᠴᠠᠬ ᠲᠤ᠂ ᠯᠢ ᠵᠢᠢ ᠡᡁᠧᠩ ᠤᠯᠠᠭᠠᠨᠬᠠᠳᠠ ᠬᠤᠳᠠ ᠶᠢᠨ ᠪᠤᠤ ᠱᠠᠨ ᠬᠢᠳᠡᠳ ᠡᠮᠨᠡᠯᠬᠡ ᠳᠤ ᠬᠦᠷᠴᠦ ᠰᠢᠷᠬᠠᠳᠤᠬᠰᠠᠨ ᠠᠵᠢᠯᠴᠢᠨ ᠪᠤᠯᠤᠨ ᠳᠡᠳᠡᠨᠡᠷ ᠤᠨ ᠭᠡᠷ ᠪᠦᠯᠢ ᠶᠢᠨ ᠬᠢᠨ ᠢ ᠡᠷᠬᠢᠨ ᠦᠵᠡᠪᠡ᠃ ᠠᠵᠢᠯᠴᠢᠨ ᠤ ᠰᠢᠷᠬ᠎ᠠ ᠶᠢ ᠪᠦᠳᠤᠮᠵᠢᠳᠠᠢ ᠵᠠᠰᠠᠵᠤ᠂ ᠤᠷᠮ᠎ᠠ ᠪᠠᠶᠢᠳᠠᠯ ᠨᠡᠯᠢᠶᠡᠳ ᠲᠤᠭᠳᠠᠭᠤᠨ ᠪᠤᠯᠤᠬᠰᠠᠨ ᠢ ᠦᠵᠡᠬᠡᠳ ᠯᠢ ᠵᠢᠢ ᠡᡁᠧᠩ ᠤᠨ ᠨᠦᠰᠠᠷ ᠬᠦᠨᠳᠤ ᠪᠠᠶᠢᠬᠰᠠᠨ ᠰᠡᠳᠬᠢᠯ ᠪᠠᠭ᠎ᠠ ᠠᠭᠤᠵᠢᠷᠠᠵᠠᠢ᠃ ᠲᠡᠷᠡ᠄ 《ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠵᠢᠴᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤᠯᠠᠨ ᠤ ᠠᠮᠢ ᠨᠠᠰᠤᠨ ᠤ ᠠᠶᠤᠯᠬᠦᠢ ᠪᠤᠯᠤᠨ ᠪᠠᠶ᠎ᠠ ᠶᠢᠨ ᠡᠷᠡᠬᠦᠯ ᠮᠡᠨᠳᠤ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ ᠮᠠᠰᠢ ᠬᠠᠯᠠᠮᠵᠢᠯᠠᠵᠤ᠂ ᠬᠠᠮᠤᠬ ᠤᠨ ᠰᠠᠶᠢᠨ ᠡᠮᠴᠢᠯᠡᠬᠡᠨ ᠤ ᠬᠦᠴᠤᠨ ᠢ ᠵᠤᠬᠢᠶᠠᠨ ᠪᠠᠶᠢᠭᠤᠯᠤᠨ ᠠᠪᠤᠷᠠᠨ ᠡᠮᠨᠠᠵᠤ ᠪᠠᠶᠢᠨ᠎ᠠ᠃ ᠤᠯᠠᠨ ᠢᠶᠠᠷ ᠢᠶᠠᠨ ᠰᠡᠳᠬᠢᠯ ᠠᠮᠤᠷ ᠰᠢᠷᠬ᠎ᠠ ᠪᠠᠨ ᠰᠤᠪᠢᠯᠠᠵᠤ᠂ ᠡᠷᠳᠡᠬᠡᠨ ᠡᠷᠡᠬᠦᠯᠵᠢᠬᠦ ᠶᠢ ᠬᠦᠰᠡᠵᠤ ᠪᠠᠶᠢᠨ᠎ᠠ!》ᠬᠡᠪᠡ᠃

    11᠄ 50 ᠴᠠᠬ ᠲᠤ᠂ ᠯᠢ ᠵᠢᠢ ᠡᡁᠧᠩ ᠪᠤᠤ ᠱᠠᠨ ᠬᠢᠳᠡᠳ ᠡᠮᠨᠡᠯᠬᠡ ᠶᠢᠨ ᠨᠠᠮ ᠤᠨ ᠬᠡᠰᠢᠬᠦᠨ ᠤ ᠠᠵᠢᠯᠯᠠᠭ᠎ᠠ ᠶᠢᠨ ᠲᠠᠰᠤᠬ ᠲᠤ ᠰᠢᠷᠬᠠᠳᠤᠬᠰᠠᠨ ᠠᠵᠢᠯᠴᠢᠨ ᠢ ᠠᠪᠤᠷᠠᠨ ᠡᠮᠨᠡᠵᠤ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠴᠠᠢ᠃ ᠲᠡᠷᠡ᠂ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠪᠠᠶᠢᠭᠤᠯᠤᠯᠭ᠎ᠠ ᠪᠤᠯᠤᠨ ᠡᠮᠨᠡᠯᠬᠡ ᠨᠢ ᠡᠷᠬᠡᠪᠰᠢ ᠬᠠᠮᠤᠬ ᠤᠨ ᠰᠠᠶᠢᠨ ᠡᠮᠴᠢ ᠰᠤᠪᠢᠯᠠᠬᠴᠢ᠂ ᠬᠠᠮᠤᠬ ᠤᠨ ᠰᠠᠶᠢᠨ ᠡᠮᠴᠢᠯᠡᠬᠡᠨ ᠤ ᠤᠪᠤᠷ᠂ ᠬᠠᠮᠤᠬ ᠤᠨ ᠰᠠᠶᠢᠨ ᠡᠮ ᠲᠠᠩ ᠢ ᠪᠠᠳᠤᠯᠠᠵᠤ᠂ ᠨᠠᠶᠢᠳᠠᠪᠤᠷᠢᠳᠠᠢ ᠠᠷᠭ᠎ᠠ ᠬᠡᠮᠵᠢᠶ᠎ᠡ ᠪᠡᠷ ᠰᠢᠷᠬᠠᠳᠤᠬᠰᠠᠨ ᠠᠵᠢᠯᠴᠢᠳ ᠢ ᠪᠦᠬᠦ ᠬᠦᠴᠤᠨ ᠢᠶᠠᠷ ᠢᠶᠠᠨ ᠠᠪᠤᠷᠠᠨ ᠡᠮᠴᠢᠯᠡᠵᠤ᠂ ᠰᠢᠷᠬᠠᠳᠤᠬᠰᠠᠨ ᠠᠵᠢᠯᠴᠢᠳ ᠪᠤᠯᠤᠨ ᠳᠡᠳᠡᠨᠡᠷ ᠤᠨ ᠬᠡᠷ ᠪᠦᠯᠢ ᠶᠢᠨ ᠬᠢᠨ ᠢ ᠲᠤᠬᠤᠨᠢᠭᠤᠯᠵᠤ᠂ ᠰᠢᠷᠬᠠᠳᠤᠬᠰᠠᠳ ᠲᠤ ᠰᠠᠶᠢᠨ ᠡᠮᠴᠢᠯᠡᠭᠡ ᠬᠦᠷᠳᠡᠬᠡᠵᠤ ᠡᠷᠳᠡᠬᠡᠨ ᠡᠷᠡᠬᠦᠯᠵᠢᠬᠦ ᠶᠢ ᠨᠢ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃

    14᠄30 ᠴᠠᠭ ᠲᠤ᠂ ᠯᠢ ᠵᠢᠢ ᠾᠧᠩ ᠠᠪᠤᠷᠠᠨ ᠲᠤᠰᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠬᠤᠷᠠᠯ ᠡᠬᠢᠯᠡᠮᠡᠭᠴᠡ ᠯᠢ ᠵᠢᠢ ᠾᠧᠩ ᠤᠨ ᠰᠠᠨᠠᠭᠤᠯᠭ᠎ᠠ ᠪᠠᠷ ᠬᠤᠷᠠᠯ ᠳᠤ ᠤᠷᠤᠯᠴᠠᠭᠰᠠᠳ ᠪᠦᠭᠦᠳᠡᠭᠡᠷ ᠪᠤᠰᠴᠤ ᠵᠤᠭᠰᠤᠭᠠᠳ《12·03》 ᠤ᠋ ᠨᠡᠭᠦᠷᠡᠰᠦᠨ ᠠᠭᠤᠷᠬᠠᠢ ᠶᠢᠨ ᠤᠰᠤᠯ ᠳᠤ ᠠᠳᠡᠭᠰᠡᠳ ᠢ ᠨᠠᠮᠠᠨᠴᠢᠯᠠᠨ ᠭᠠᠰᠢᠭᠤᠳᠠᠪᠠ᠃ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ ᠯᠢ ᠵᠢᠢ ᠾᠧᠩ 《12·03》 ᠤ᠋ ᠨᠡᠭᠦᠷᠡᠰᠦᠨ ᠠᠭᠤᠷᠬᠠᠢ ᠶᠢᠨ ᠤᠰᠤᠯ ᠡᠴᠡ ᠠᠪᠤᠷᠠᠨ ᠲᠤᠰᠠᠯᠠᠬᠤ᠂ ᠰᠢᠷᠬᠠᠳᠤᠭᠰᠠᠳ ᠢ ᠠᠪᠤᠷᠠᠨ ᠡᠮᠴᠢᠯᠡᠬᠦ ᠪᠠ ᠠᠳᠡᠭᠰᠡᠳ ᠤᠨ ᠬᠡᠷ ᠪᠦᠯᠢ ᠶᠢᠨ ᠬᠢᠨ ᠳᠤᠬᠤᠨᠢᠭᠤᠯᠬᠤ ᠲᠠᠯ᠎ᠠ ᠪᠡᠷ ᠬᠢ ᠠᠵᠢᠯ ᠤᠨ ᠰᠢᠨ᠎ᠡ ᠠᠬᠢᠴᠠ ᠶᠢ ᠰᠤᠨᠤᠰᠴᠤ ᠴᠢᠬᠤᠯᠠ ᠶᠠᠷᠢᠶ᠎ᠠ ᠲᠠᠯᠪᠢᠵᠠᠢ᠃

    ᠯᠢ ᠵᠢᠢ ᠾᠧᠩ᠂ ᠤᠳᠤᠬᠠᠨ ᠤ ᠬᠢᠬᠦ ᠪᠠᠴᠢᠮ ᠲᠤᠯᠭᠠᠮ᠎ᠠ ᠠᠵᠢᠯ ᠪᠤᠯ ᠰᠢᠷᠬᠠᠳᠤᠭᠰᠠᠳ ᠢ ᠠᠪᠤᠷᠠᠨ ᠡᠮᠴᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠯᠢᠪᠠ ᠨᠦᠬᠦᠴᠡᠯ ᠢ ᠠᠰᠢᠭᠯᠠᠨ ᠠᠷᠭ᠎ᠠ ᠪᠦᠬᠦᠨ ᠢ ᠰᠦᠪᠡᠭᠴᠢᠯᠡᠨ ᠠᠪᠤᠷᠠᠨ ᠳᠤᠰᠠᠯᠠᠵᠤ᠂ ᠲᠡᠳᠡᠨ ᠢ ᠡᠷᠲᠡᠬᠡᠨ ᠡᠷᠡᠭᠦᠯᠵᠢᠭᠦᠯᠵᠦ ᠡᠷᠲᠡᠬᠡᠨ ᠭᠡᠷ ᠲᠤᠨᠢ ᠬᠠᠷᠢᠭᠤᠯᠵᠤ᠂ ᠬᠡᠪ ᠤᠨ ᠠᠮᠢᠳᠤᠷᠠᠯ ᠳᠤᠨᠢ ᠪᠤᠴᠠᠭᠠᠬᠤ ᠶᠠᠪᠤᠳᠠᠯ ᠪᠤᠯᠤᠨ᠎ᠠ᠃ ᠡᠨᠳᠡᠵᠤ ᠰᠢᠷᠬᠠᠳᠤᠭᠰᠠᠨ ᠬᠦᠮᠦᠰ ᠤᠨ ᠬᠡᠷ ᠪᠦᠯᠢ ᠶᠢᠨ ᠬᠢᠨ ᠢ ᠲᠤᠬᠤᠨᠢᠭᠤᠯᠬᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ ᠬᠤᠲᠠ᠂ ᠲᠤᠭᠤᠷᠢᠭ᠂ ᠰᠢᠶᠠᠩ᠂ ᠲᠤᠰᠬᠤᠨ ᠲᠦᠷᠪᠡᠨ ᠱᠠᠲᠤᠨ ᠤ ᠺᠠᠳ᠋ᠷ ᠢᠶᠠᠷ ᠪᠦᠷᠢᠯᠳᠦᠭᠰᠡᠨ ᠠᠵᠢᠯᠯᠠᠬᠤ ᠪᠠᠭ ᠢ ᠪᠠᠶᠢᠭᠤᠯᠵᠦ᠂ ᠨᠢᠭᠡ ᠨᠢ ᠨᠢᠭᠡ ᠶᠢ ᠬᠠᠷᠢᠭᠤᠴᠠᠬᠤ ᠵᠠᠭᠪᠤᠷ ᠢᠶᠡᠷ ᠠᠳᠡᠭᠰᠡᠳ ᠪᠤᠯᠤᠨ ᠰᠢᠷᠠᠬᠳᠤᠭᠰᠠᠳ ᠤᠨ ᠭᠡᠷ ᠪᠦᠯᠢ ᠨᠢᠭᠡᠪᠤᠷᠢ ᠶᠢ ᠨᠢᠮᠪᠠᠢ ᠲᠤᠬᠤᠨᠢᠭᠤᠯᠵᠦ᠂ ᠲᠦᠯᠦᠪᠤᠷᠢ ᠦᠭᠬᠦ ᠠᠵᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠯ ᠪᠠᠶᠢᠴᠠᠭᠠᠬᠤ ᠪᠠᠭ ᠲᠠᠢ ᠪᠦᠬᠦ ᠲᠠᠯ᠎ᠠ ᠪᠠᠷ ᠬᠠᠮᠵᠢᠯᠴᠠᠨ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠵᠦ ᠠᠳᠡᠯ ᠤᠨ ᠰᠢᠯᠲᠠᠭᠠᠨ ᠢ ᠲᠦᠷᠭᠡᠨ ᠢᠶᠠᠷ ᠳᠤᠳᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠬᠦᠮᠦᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠳᠡᠳᠦᠢ ᠦᠬᠡᠢ ᠬᠠᠤᠯᠢ ᠶᠤᠰᠤᠭᠠᠷ ᠴᠢᠩᠭ᠎ᠠ ᠰᠢᠳᠭᠡᠵᠤ᠂ ᠶᠠᠭᠠᠬᠢᠬᠰᠠᠨ ᠴᠤ ᠢᠯᠳᠠᠷ ᠬᠠᠶᠠᠵᠤ ᠪᠤᠯᠬᠤ ᠦᠭᠡᠢ᠃ ᠬᠡᠪᠯᠡᠯ ᠮᠡᠳᠡᠬᠡᠯᠡᠯ ᠤᠨ ᠬᠤᠷᠠᠯ ᠪᠤᠯᠤᠨ ᠠᠯᠪᠠᠨ ᠤ ᠲᠠᠯ᠎ᠠ ᠶᠢᠨ ᠪᠢᠴᠢᠯ ᠪᠦᠷᠭᠡ ᠵᠡᠷᠬᠡ ᠶᠢ ᠠᠰᠢᠭᠯᠠᠨ ᠠᠪᠤᠷᠠᠨ ᠲᠤᠰᠠᠯᠠᠵᠤ ᠠᠪᠤᠷᠠᠨ ᠡᠮᠨᠡᠬᠦ ᠠᠵᠢᠯ ᠤᠨ ᠠᠬᠢᠴᠠ ᠪᠤᠯᠤᠨ ᠠᠵᠢᠯ ᠰᠢᠢᠳᠪᠤᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠪᠦᠬᠦ ᠲᠠᠯ᠎ᠠ ᠪᠠᠷ᠂ ᠦᠨᠡᠨ ᠪᠤᠳᠠᠲᠠᠢ ᠪᠠᠷ᠂ ᠵᠦᠪ ᠤᠨᠤᠪᠴᠢᠲᠠᠢ ᠪᠠᠷ ᠮᠡᠳᠡᠭᠡᠯᠡᠵᠦ᠂ ᠨᠡᠶᠢᠭᠡᠮ ᠨᠡᠶᠢᠲᠡ ᠶᠢᠨ ᠠᠩᠬᠠᠷᠤᠯ ᠳᠤ ᠢᠲᠡᠪᠬᠢᠲᠠᠢ ᠪᠠᠷ ᠬᠠᠷᠢᠭᠤ ᠲᠤᠰᠬᠠᠯ ᠦᠭᠴᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠪᠦᠲᠦᠮᠵᠢᠲᠠᠢ ᠪᠠᠷ ᠬᠦᠲᠦᠯᠦᠨ ᠳᠠᠭᠠᠭᠤᠯᠬᠤ ᠬᠡᠷᠡᠭᠲᠠᠢ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠶᠡᠷᠤᠩᠬᠡᠢ ᠲᠤᠪᠴᠢᠶ᠎ᠠ ᠵᠢᠴᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠡᠯ᠎ᠠ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠤᠷᠤᠨ ᠲᠠᠶᠠᠭᠠᠷ ᠤᠨ ᠪᠦᠬᠦ ᠬᠦᠷᠢᠶ᠎ᠡ ᠴᠠᠷ᠎ᠠ ᠶᠢ ᠬᠠᠮᠤᠷᠤᠭᠤᠯᠤᠭᠰᠠᠨ ᠠᠶᠤᠯᠬᠦᠢ ᠶᠢᠨ ᠰᠢᠯᠭᠠᠯᠳᠠ ᠬᠢᠵᠤ᠂ ᠬᠢᠨᠠᠨ ᠬᠠᠮᠢᠶᠠᠷᠤᠯᠳᠠ ᠶᠢᠨ ᠲᠤᠳᠠᠭᠳᠠᠯ ᠲᠠᠢ ᠲᠠᠯ᠎ᠠ ᠶᠢ ᠢᠯᠡᠷᠡᠭᠦᠯᠦᠨ ᠤᠰᠤᠯ ᠤᠨ ᠬᠡᠮ ᠰᠤᠭᠤᠭ ᠢ ᠠᠷᠢᠯᠭᠠᠵᠤ᠂ ᠶᠠᠮᠠᠷᠪᠠ ᠳᠦᠷᠦᠯ ᠤᠨ ᠤᠰᠤᠯ ᠡᠨᠳᠡᠯ ᠭᠠᠷᠬᠤ ᠶᠢ ᠳᠠᠰᠤ ᠰᠡᠷᠭᠡᠶᠢᠯᠡᠵᠤ᠂ ᠤᠨᠴᠠ ᠶᠡᠭᠡ ᠤᠰᠤᠯ ᠭᠠᠷᠬᠤ ᠶᠢ ᠳᠠᠰᠤ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠪᠡᠳᠬᠦ ᠨᠢ ᠵᠤᠭᠰᠤᠪᠠᠴᠦ ᠡᠪᠡᠷᠰᠢᠶᠡᠯ ᠢᠶᠠᠨ ᠰᠠᠨᠠᠭᠠᠯᠵᠠᠨ ᠨᠢᠭᠡ ᠠᠴᠠ ᠬᠤᠶᠠᠷ ᠢ ᠵᠦᠢᠴᠢᠯᠡᠵᠤ᠂ ᠬᠤᠨᠢ ᠪᠠᠨ ᠠᠯᠳᠠᠪᠠᠯ ᠬᠠᠰᠢᠶ᠎ᠠ ᠪᠠᠨ ᠰᠡᠯᠪᠢᠬᠦ ᠪᠠᠷ ᠪᠠᠷᠠᠬᠤ ᠦᠭᠡᠢ ᠬᠡᠷᠡᠭ ᠠᠴᠠ ᠡᠮᠦᠨ᠎ᠠ ᠤᠷᠢᠳᠴᠢᠯᠠᠨ ᠰᠡᠷᠭᠡᠶᠢᠯᠡᠬᠦ ᠠᠵᠢᠯ ᠢ ᠴᠤ ᠰᠠᠶᠢᠲᠤᠷ ᠬᠢᠵᠤ᠂ ᠡᠯ᠎ᠠ ᠱᠠᠳᠤᠨ ᠤ ᠡᠯ᠎ᠠ ᠪᠠᠶᠢᠭᠤᠯᠤᠯᠭ᠎ᠠ ᠪᠤᠯᠤᠨ ᠡᠯ᠎ᠠ ᠠᠵᠤ ᠠᠬᠤᠢᠢᠯᠠᠯ ᠤᠨ ᠬᠢᠨ ᠤᠰᠤᠯ ᠠᠴᠠ ᠭᠦᠨᠵᠡᠭᠡᠢ ᠰᠤᠷᠭᠠᠮᠵᠢ ᠠᠪᠴᠤ᠂ ᠠᠮᠢ ᠨᠠᠰᠤ ᠪᠠᠨ ᠡᠷᠬᠢᠮᠯᠡᠨ ᠠᠶᠤᠯᠬᠦᠢ ᠬᠦᠭᠵᠢᠬᠦ ᠤᠢᠢᠯᠠᠭᠠᠭᠳᠠᠬᠤᠨ ᠢ ᠦᠨᠡᠨᠬᠦ ᠪᠤᠢ ᠪᠤᠯᠭᠠᠵᠤ᠂ ᠠᠯᠮᠠᠶᠢᠳᠠᠬᠤ ᠦᠵᠡᠯ ᠰᠠᠨᠠᠭ᠎ᠠ ᠪᠠ ᠬᠠᠭᠤᠳᠠᠮᠴᠢ ᠰᠡᠳᠭᠢᠴᠡ ᠲᠠᠢ ᠪᠠᠶᠢᠬᠤ ᠶᠢ ᠡᠷᠡᠰ ᠲᠡᠪᠴᠢᠵᠤ᠂ ᠤᠳᠤᠬᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠠᠳᠠᠯᠢ ᠪᠤᠰᠤ ᠬᠡᠮᠵᠢᠶ᠎ᠠ ᠪᠠᠷ ᠤᠷᠤᠰᠢᠵᠤ ᠪᠠᠶᠢᠬᠤ ᠤᠳᠤᠷᠢᠳᠤᠯᠭ᠎ᠠ ᠬᠦᠴᠦᠨ ᠦᠭᠡᠢ᠂ ᠪᠠᠶᠢᠭᠤᠯᠤᠯᠭ᠎ᠠ ᠶᠢᠨ ᠬᠢᠨᠠᠨ ᠬᠠᠮᠢᠶᠠᠷᠤᠯᠲᠠ ᠬᠤᠷᠢᠭ᠎ᠠ ᠤᠷᠤᠨ ᠲᠠᠢ᠂ ᠠᠵᠤ ᠠᠬᠤᠢᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠰᠤᠯᠠ ᠪᠠᠶᠢᠬᠤ ᠵᠡᠷᠭᠡ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠨᠡᠩ ᠴᠢᠭᠯᠡᠯᠳᠤ ᠴᠢᠨᠠᠷᠲᠠᠢ᠂ ᠨᠡᠩ ᠬᠡᠷᠡᠭᠵᠢᠬᠦᠯᠬᠦ ᠴᠢᠨᠠᠷᠲᠠᠢ ᠪᠦᠭᠡᠳ ᠨᠡᠩ ᠯᠠᠪᠳᠠᠭᠤᠨ ᠪᠦᠲᠦᠮᠵᠢᠳᠠᠢ ᠰᠠᠶᠢᠨ ᠠᠷᠭ᠎ᠠ ᠬᠡᠮᠵᠢᠶ᠎ᠠ ᠶᠢ ᠰᠤᠳᠤᠯᠤᠨ ᠪᠠᠶᠢᠷᠢᠯᠠᠭᠤᠯᠬᠤ ᠬᠡᠷᠡᠭᠲᠡᠢ᠃ ᠡᠯ᠎ᠠ ᠱᠠᠳᠤᠨ ᠤ ᠠᠶᠤᠯᠭᠦᠢ ᠶᠢᠨ ᠵᠦᠪᠯᠡᠯ ᠵᠢᠴᠢ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ᠂ ᠵᠡᠷᠭᠡᠪᠡᠷ ᠠᠳᠬᠤᠵᠤ ᠬᠠᠮᠲᠦ ᠪᠠᠷ ᠬᠠᠮᠢᠶᠠᠷᠬᠤ᠂ ᠲᠤᠰᠢᠶᠠᠯ ᠳᠠᠭᠠᠨ ᠤᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ》 ᠬᠠᠷᠢᠭᠤᠴᠠᠯᠭ᠎ᠠ ᠶᠢᠨ ᠪᠠᠶᠢᠭᠤᠯᠤᠮᠵᠢ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠳᠦᠷᠢᠮ ᠤᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠤ᠂ ᠲᠤᠰᠢᠶᠠᠯ ᠳᠠᠭᠠᠨ ᠤᠰᠤᠯᠳᠤᠵᠤ ᠲᠤᠰᠢᠶᠠᠯ ᠢᠶᠠᠨ ᠭᠤᠳᠤᠭᠠᠭᠰᠠᠨ ᠪᠤᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠤ᠂ ᠬᠠᠤᠯᠢ ᠪᠤᠰᠤ ᠪᠤᠶᠤ ᠬᠠᠤᠯᠢ ᠠᠴᠠ ᠵᠦᠷᠢᠴᠡᠨ ᠦᠢᠯᠡᠳᠪᠦᠷᠢᠯᠡᠭᠰᠡᠳ ᠲᠤ ᠴᠢᠩᠭ᠎ᠠ ᠴᠤᠬᠢᠯᠲᠠ ᠦᠭᠴᠤ᠂ ᠠᠶᠤᠯᠭᠦᠢ ᠦᠢᠯᠡᠳᠪᠦᠷᠢᠯᠡᠯ ᠤᠨ ᠪᠤᠳᠠᠳᠦ ᠦᠷ᠎ᠠ ᠪᠦᠲᠦᠮᠵᠢ ᠪᠠᠷ ᠤᠷᠤᠨ ᠲᠠᠶᠠᠭᠠᠷ ᠤᠨ ᠡᠳ᠋ ᠤᠨ ᠵᠠᠰᠠᠭ ᠤᠨ ᠦᠷᠭᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠤᠷᠤᠨ ᠲᠠᠶᠠᠭᠠᠷ ᠤᠨ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠬᠡᠪᠡ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠸᠠᠩ ᠪᠦᠸᠧ ᠬᠠᠮᠲᠦ ᠪᠠᠷ ᠡᠷᠬᠢᠨ ᠦᠵᠡᠵᠤ ᠲᠤᠬᠤᠨᠢᠭᠤᠯᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠤᠷᠤᠯᠴᠠᠵᠠᠢ᠃ (ᠦᠪᠦᠷ ᠮᠤᠩᠭᠤᠯ ᠤᠨ ᠡᠳᠦᠷ ᠤᠨ ᠰᠤᠨᠢᠨ)

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120055001