蒙古文网站Logo
ᠰᠢᠨᠬᠤᠸᠠ ᠮᠤᠩᠭ᠋ᠤᠯ ᠨᠧᠲ

ᠤᠯᠠᠭᠠᠨᠬᠠᠳᠠ ᠬᠤᠳᠠ ᠶᠢᠨ ᠨᠡᠬᠦᠷᠡᠰᠦᠨ ᠠᠭᠤᠷᠬᠠᠢ ᠶᠢᠨ ᠤᠰᠤᠯ ᠳᠤ ᠬᠤᠯᠪᠤᠭᠳᠠᠭᠰᠠᠨ ᠬᠠᠷᠢᠭᠤᠴᠠᠯᠭᠠᠳᠠᠨ ᠢ ᠳᠦᠷ ᠤᠭᠴᠠᠷᠠᠭᠤᠯᠪᠠ

2016-12-07 09:33

    ᠰᠢᠨᠬᠤᠧᠠ ᠬᠤᠷᠢᠶ᠎ᠠ   ᠪᠡᠬᠡᠵᠢᠩ ᠤᠨ 12 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠽᠧᠤ ᠵᠢᠶᠠᠨ ᠹᠦ᠋᠂ ᠵᠢᠶᠠᠩ ᠰᠢᠤᠧᠠᠢ ᠯᠠᠨ ) ᠰᠤᠷᠪᠤᠯᠵᠢᠯᠠᠭᠴᠢ 5 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨᠬᠠᠳᠠ ᠬᠤᠳᠠ ᠶᠢᠨ ᠬᠠᠮᠢᠶᠠᠳᠠᠢ ᠪᠠᠶᠢᠭᠤᠯᠤᠯᠭ᠎ᠠ ᠨᠤᠭᠤᠳ ᠡᠴᠡ ᠤᠶᠢᠯᠠᠭᠠᠭᠰᠠᠨ ᠢᠶᠡᠷ᠂ ᠤᠯᠠᠭᠠᠨᠬᠠᠳᠠ ᠬᠤᠳᠠ ᠶᠢᠨ 《12·03》  ᠤ ᠤᠨᠴᠠ ᠳᠤᠮᠤ ᠤᠰᠤᠯ ᠳᠤ ᠬᠤᠯᠪᠤᠭᠳᠠᠭᠰᠠᠨ ᠬᠠᠮᠢᠶᠠᠳᠠᠢ ᠬᠠᠷᠢᠭᠤᠴᠠᠯᠭᠠᠳᠠᠨ ᠢ ᠨᠢᠬᠡᠨᠳᠡ ᠳᠦᠷ ᠤᠭᠴᠠᠷᠠᠭᠤᠯᠤᠭᠰᠠᠨ ᠳᠡᠳᠦᠢ ᠦᠬᠡᠢ ᠴᠠᠭᠳᠠᠭᠠᠨ ᠤ ᠳᠠᠯ᠎ᠠ ᠶᠢᠨ ᠬᠢᠨ ᠨᠡᠬᠦᠷᠡᠰᠦᠨ ᠠᠭᠤᠷᠬᠠᠢ ᠶᠢᠨ ᠬᠡᠳᠦ ᠬᠡᠳᠦᠨ ᠬᠠᠷᠢᠭᠤᠴᠠᠯᠭᠠᠳᠠᠨ ᠢ ᠪᠠᠷᠢᠪᠴᠢᠯᠠᠵᠤ᠂ ᠳᠦᠯᠦᠪᠦᠷᠢ ᠶᠢᠨ ᠠᠵᠢᠯ ᠢ ᠨᠢᠬᠡᠨᠳᠡ ᠡᠬᠢᠯᠡᠬᠦᠯᠦᠭᠰᠡᠨ ᠪᠠᠶᠢᠨ᠎ᠠ᠃

    12 ᠰᠠᠷ᠎ᠠ ᠶᠢᠨ 3 ᠤ ᠡᠳᠦᠷ ᠤᠨ 11᠄30 ᠴᠠᠭ ᠤᠨ ᠦᠶ᠎ᠡ ᠪᠡᠷ ᠤᠯᠠᠭᠠᠬᠠᠨᠳᠠ ᠬᠤᠳᠠ ᠶᠢᠨ ᠪᠤᠤ ᠮᠠ ᠨᠡᠬᠦᠷᠡᠰᠦᠨ ᠠᠭᠤᠷᠬᠠᠢ ᠶᠢᠨ ᠬᠢᠵᠠᠭᠠᠷᠳᠤ ᠺᠤᠮᠫᠠᠨᠢ ᠶᠢᠨ ᠨᠡᠬᠦᠷᠡᠰᠦᠨ ᠠᠭᠤᠷᠬᠠᠢ ᠳᠤ ᠭᠠᠰ ᠳᠡᠯᠪᠡᠷᠡᠵᠤ᠂ ᠨᠡᠬᠦᠷᠡᠰᠦᠨ ᠬᠤᠳᠳᠤᠬ ᠲᠤ ᠠᠵᠢᠯᠯᠠᠵᠤ ᠪᠠᠶᠢᠭᠰᠠᠨ 181 ᠠᠵᠢᠯᠴᠢᠨ ᠡᠴᠡ 32 ᠠᠵᠢᠯᠴᠢᠠ ᠠᠵᠠ ᠪᠤᠰᠤ ᠪᠡᠷ ᠡᠨᠳᠡᠵᠤ᠂ 149 ᠬᠦᠮᠦᠨ ᠰᠢᠷᠬᠠᠳᠤᠵᠠᠢ᠃

    5 ᠤ ᠦᠳᠡ ᠶᠢᠨ ᠡᠮᠦᠨ᠎ᠡ᠂ ᠤᠯᠠᠭᠠᠨᠬᠠᠳᠠ ᠬᠤᠳᠠ ᠶᠢᠨ ᠶᠤᠧᠠᠨ ᠪᠤᠤ ᠱᠠᠨ ᠳᠤᠭᠤᠷᠢᠭ ᠤᠨ ᠵᠠᠰᠠᠭ ᠤᠨ ᠭᠠᠵᠠᠷ ᠤᠰᠤᠯ ᠡᠴᠡ ᠪᠤᠯᠤᠭᠰᠠᠨ ᠳᠠᠭᠠᠯᠳᠠ ᠠᠵᠢᠯ ᠢ ᠰᠢᠶ᠋ᠳᠪᠦᠷᠢᠯᠡᠬᠦ ᠳᠦᠰᠦᠪ ᠭᠠᠷᠭᠠᠵᠤ᠂ ᠳ᠋ᠠ ᠳ᠋ᠢ ᠳᠠᠭᠠᠳᠬᠠᠯ ᠤᠨ ᠺᠤᠮᠫᠠᠨᠢ ᠨᠢ ᠮᠦᠨ ᠰᠢᠷᠬᠠᠳᠤᠭᠰᠠᠨ ᠠᠵᠢᠯᠴᠢᠨ ᠳᠤ 100 ᠳᠦᠮᠡᠨ ᠳᠦᠬᠦᠷᠢᠭ᠌ ᠤᠨ ᠤᠷᠢᠳᠴᠢᠯᠠᠭᠰᠠᠨ ᠳᠦᠯᠦᠪᠦᠷᠢ ᠦᠭᠬᠦᠬᠡᠳ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120070008