蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠳᠤᠮᠳᠠᠳᠤ ᠤᠯᠤᠰ ᠤᠨ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠬᠤᠩ ᠸᠧᠢ ᠨᠠᠷ ᠲᠠᠢ ᠠᠭᠤᠯᠵᠠᠪᠠ

2016-12-07 09:56

    12 ᠰᠠᠷ᠎ᠠ ᠶᠢᠨ 5 ᠤ ᠤᠷᠤᠢ᠂ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠬᠡᠬᠤᠲᠠ ᠳᠤ ᠳᠤᠮᠳᠠᠳᠤ ᠤᠯᠤᠰ ᠤᠨ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠭᠤᠤ ᠬᠤᠩ ᠸᠧᠢ ᠨᠠᠷ ᠲᠠᠢ ᠠᠭᠤᠯᠵᠠᠪᠠ᠃

    ᠯᠢ ᠵᠢᠢ ᠾᠧᠩ ᠶᠠᠭᠤᠨ ᠤ ᠡᠮᠦᠨ᠎ᠡ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠡ ᠶᠢᠨ ᠡᠮᠦᠨ᠎ᠠ ᠠᠴᠠ ᠭᠤᠤ ᠬᠤᠩ ᠸᠧᠢ ᠨᠠᠷ ᠢ ᠪᠠᠶᠠᠷᠯᠠᠨ ᠤᠭᠳᠤᠵᠤ ᠪᠠᠶᠢᠭ᠎ᠠ ᠪᠡᠨ ᠢᠯᠡᠷᠬᠡᠶᠢᠯᠡᠬᠡᠳ᠂ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠤᠷᠲᠦ ᠬᠤᠭᠤᠴᠠᠭᠠ ᠤ ᠲᠤᠷᠰᠢ ᠦᠪᠦᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠪᠡ᠃ ᠲᠡᠷᠡ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠦᠪᠦᠷ ᠮᠤᠩᠭᠤᠯ ᠲᠠᠶᠠᠭᠠᠷ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠬᠡ ᠤᠯᠤᠰ ᠤᠨ ᠤᠮᠠᠷᠠᠲᠦ ᠶᠢᠨ ᠡᠨᠡᠬᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ᠰᠠᠶ᠋ᠢᠬᠠᠨ ᠠᠮᠵᠢᠯᠲᠠ ᠲᠠᠢ ᠲᠡᠭᠦᠰᠦᠭᠰᠡᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠢᠷᠡᠬᠦ 5 ᠵᠢᠯ ᠤᠨ ᠦᠪᠦᠷ ᠮᠤᠩᠭᠤᠯ ᠤᠨ ᠬᠦᠭᠵᠢᠯᠲᠠ ᠶᠢᠨ ᠠᠤᠭ᠎ᠠ ᠲᠦᠰᠦᠪ ᠢ ᠵᠢᠷᠤᠭᠯᠠᠪᠠ᠃ ᠤᠷᠤᠨ ᠲᠠᠶᠠᠭᠠᠷ ᠤ ᠬᠢᠨ ᠶᠠᠭ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠲᠠ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠢ ᠰᠠᠬᠢᠨ ᠪᠠᠷᠢᠮᠲᠠᠯᠠᠵᠤ᠂ ᠭᠠᠳᠠᠭᠠᠳᠦ ᠨᠡᠬᠡᠬᠡᠯᠲᠡ ᠶᠢ ᠪᠦᠬᠦ ᠲᠠᠯ᠎ᠠ ᠪᠠᠷ ᠦᠷᠭᠡᠳᠭᠡᠬᠦ ᠶᠢ ᠶᠡᠬᠡᠪᠡᠷ ᠬᠡᠷᠡᠭᠵᠢᠭᠦᠯᠤᠨ ᠲᠡᠮᠦᠷ ᠵᠠᠮ᠂ ᠵᠠᠰᠠᠮᠠᠯ ᠵᠠᠮ᠂ ᠠᠭᠠᠷ ᠠᠶᠠᠯᠠᠯ᠂ ᠬᠤᠲᠠ ᠶᠢᠨ ᠶᠠᠪᠤᠳᠠᠯ᠂ ᠤᠰᠤᠨ ᠠᠰᠢᠬᠯᠠᠯᠲᠠ᠂ ᠡᠷᠴᠢᠮ ᠬᠦᠴᠦ᠂ ᠮᠡᠳᠡᠭᠡ ᠵᠠᠩᠭᠢ ᠴᠢᠮᠡᠭᠡ ᠬᠤᠯᠪᠤᠭ᠎ᠠ ᠵᠡᠷᠭᠡ ᠳᠤᠯᠤᠭᠠᠨ ᠲᠤᠤᠷᠵᠢᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠬᠦᠬᠡᠬᠤᠲᠠ ᠶᠢᠨ ᠳᠦᠷᠦ ᠶᠢᠨ ᠵᠡᠷᠬᠡᠯᠡᠯ ᠤᠨ ᠰᠢᠨ᠎ᠠ ᠲᠤᠭᠤᠷᠢᠭ ᠤᠨ ᠪᠦᠲᠦᠭᠡᠨ ᠪᠠᠶᠢᠭᠤᠯᠤᠯᠲᠠ ᠪᠠ ᠤᠶᠤᠨᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ ᠲᠤᠮᠤ ᠳ᠋ᠠᠶᠢᠲ᠋ᠠ ᠪᠤᠯᠤᠨ ᠡᠭᠦᠯᠡᠨ ᠪᠤᠳᠤᠯᠲᠠ ᠶᠢᠨ ᠠᠵᠤ ᠦᠢᠯᠡᠰ ᠢ ᠶᠡᠬᠡᠪᠡᠷ ᠬᠦᠭᠵᠢᠭᠦᠯᠬᠦ ᠪᠠᠷ ᠪᠠᠶᠢᠨ᠎ᠠ᠃ ᠡᠨᠡ ᠨᠢ ᠮᠠᠨ ᠤ ᠬᠤᠶᠠᠷ ᠲᠠᠯ᠎ᠠ ᠳᠤ ᠨᠡᠩ ᠬᠡᠬᠡᠨ ᠰᠠᠷᠠᠭᠤᠯ ᠬᠠᠮᠲᠤ ᠶᠢᠨ ᠠᠵᠢᠯᠯᠠᠭᠠᠨ ᠤ ᠢᠷᠡᠭᠡᠳᠦᠢ ᠶᠢ ᠠᠪᠴᠢᠷᠠᠬᠤ ᠪᠤᠯᠤᠨ᠎ᠠ ᠭᠡᠵᠠᠢ᠃ ᠯᠢ ᠵᠢᠢ ᠾᠧᠩ᠂ ᠰᠠᠨᠰᠠᠷ ᠠᠶᠠᠯᠠᠯ ᠤᠨ ᠰᠢᠨᠵᠢᠯᠠᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠺᠤᠮᠫᠠᠨᠢ ᠥᠪᠤᠷ ᠮᠤᠩᠭᠤᠯ ᠲᠠᠢ ᠤᠯᠠᠨ ᠰᠠᠯᠪᠤᠷᠢ ᠳᠤ ᠪᠤᠳᠠᠲᠠᠢ ᠬᠠᠮᠲᠤ ᠶᠢᠨ ᠠᠵᠢᠯᠯᠠᠭ᠎ᠠ ᠲᠠᠢ᠂ ᠢᠯᠠᠩᠭᠤᠶ᠎ᠠ ᠪᠡᠭᠡᠵᠢᠩ ᠳᠤ ᠬᠤᠷᠠᠯᠳᠤᠭᠰᠠᠨ ᠥᠪᠤᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠦ ᠦᠢᠯᠡᠰ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤ ᠶᠢᠨ ᠠᠵᠢᠯᠯᠠᠭᠠᠨ ᠤ ᠪᠦᠳᠦᠬᠦᠪᠴᠢ ᠵᠦᠪᠯᠡᠯᠴᠡᠭᠡᠷ ᠲᠤᠭᠲᠠᠵᠦ᠂ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠰᠠᠭᠤᠷᠢ ᠶᠢ ᠤᠯᠠᠮ ᠪᠠᠬᠢᠵᠢᠭᠦᠯᠪᠡ᠃ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠺᠤᠮᠫᠠᠨᠢ ᠥᠪᠤᠷ ᠮᠤᠩᠭᠤᠯ ᠳᠠᠬᠢ ᠠᠵᠢᠯ ᠤᠨ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠭᠡᠵᠦ᠂ ᠬᠤᠶᠠᠷ ᠲᠠᠯ᠎ᠠ ᠶᠢᠨ ᠮᠡᠳᠡᠭᠡ ᠵᠠᠩᠭᠢ ᠶᠢᠨ ᠠᠵᠦ ᠦᠢᠯᠡᠰ᠂ ᠰᠢᠨ᠎ᠡ ᠮᠠᠲ᠋ᠧᠷᠢᠶᠠᠯ ᠢ ᠰᠤᠳᠤᠯᠤᠨ ᠨᠡᠬᠡᠬᠡᠬᠦ ᠪᠠ ᠠᠰᠢᠭᠯᠠᠬᠤ᠂ ᠲᠤᠨᠤᠭᠯᠠᠯ ᠦᠢᠯᠡᠳᠬᠦ ᠵᠡᠷᠭᠡ ᠬᠦᠷᠢᠶᠡᠨ ᠳᠠᠬᠢ ᠬᠠᠮᠲᠤ ᠶᠢᠨ ᠠᠵᠢᠯᠯᠠᠭ᠎ᠠ ᠪᠡᠨ ᠡᠷᠴᠢᠮᠵᠢᠬᠦᠯᠵᠤ᠂ ᠴᠡᠷᠢᠭ ᠠᠩᠬᠢ ᠤᠷᠤᠨ ᠨᠤᠲᠤᠭ ᠪᠤᠯᠤᠨ ᠴᠡᠷᠢᠭ ᠠᠷᠠᠳ ᠤᠨ ᠭᠡᠷᠡᠭᠯᠡᠭᠡᠨ ᠤ ᠠᠭᠤᠰᠤᠯᠴᠠᠨ ᠬᠦᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠢ ᠪᠤᠢ ᠪᠤᠯᠭᠠᠬᠤ ᠪᠠᠷ ᠴᠢᠷᠮᠠᠶᠢᠵᠤ᠂ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠤᠨ ᠥᠪᠤᠷ ᠮᠤᠩᠭᠤᠯ ᠳᠠᠬᠢ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠵᠦ᠂ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠲᠠᠬᠢᠨ ᠰᠢᠨ᠎ᠡ ᠲᠡᠭᠲᠡᠷ ᠲᠤ ᠭᠠᠷᠬᠤ ᠶᠢ ᠠᠬᠢᠭᠤᠯᠤᠨ᠎ᠠ ᠬᠡᠵᠠᠢ᠃

    ᠭᠤᠤ ᠬᠤᠩ ᠸᠧᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠯᠠᠨ ᠵᠢᠯ ᠤᠨ ᠲᠤᠷᠰᠢᠳᠠ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠳᠤ ᠬᠦᠴᠦᠲᠠᠢ ᠲᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠭᠰᠡᠨ ᠪᠦᠭᠡᠳ ᠠᠵᠦ ᠠᠬᠤᠢᠢᠯᠠᠯ ᠤᠨ ᠬᠦᠭᠵᠢᠯᠲᠡ ᠶᠢᠨ ᠪᠠᠶᠢᠳᠠᠯ ᠢᠶᠠᠨ ᠲᠦᠬᠦᠮ ᠲᠠᠨᠢᠯᠴᠠᠭᠤᠯᠪᠠ᠃ ᠲᠡᠷᠡ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠦ ᠦᠢᠯᠡᠳᠪᠤᠷᠢ ᠶᠢᠨ ᠪᠦᠯᠦᠭᠯᠡᠯ ᠬᠡᠳᠦᠨ ᠮᠤᠵᠢ ᠳᠤ ᠤᠶᠤᠨᠳᠤ ᠠᠵᠦ ᠦᠢᠯᠡᠰ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠭᠠᠳ ᠵᠤᠬᠢᠬᠤ ᠬᠡᠮᠵᠢᠶᠡᠨ ᠤ ᠲᠤᠷᠰᠢᠯᠭ᠎ᠠ ᠬᠤᠷᠠᠮᠳᠤᠭᠤᠯᠤᠭᠰᠠᠨ᠂ ᠥᠪᠤᠷ ᠮᠤᠩᠭᠤᠯ ᠤᠨ ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠶᠢ ᠢᠲᠡᠪᠬᠢᠲᠠᠢ ᠪᠠᠷ ᠲᠡᠮᠵᠢᠵᠦ ᠳᠤᠰᠠᠯᠠᠨ᠎ᠠ᠃ ᠥᠪᠤᠷ ᠮᠤᠩᠭᠤᠯ ᠯᠤᠭ᠎ᠠ ᠤᠶᠤᠨᠳᠤ ᠠᠵᠦ ᠦᠢᠯᠡᠰ ᠤᠨ ᠬᠦᠷᠢᠶᠡᠨ ᠳᠤ ᠬᠠᠮᠲᠤᠷᠠᠨ ᠠᠵᠢᠯᠯᠠᠵᠤ᠂ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠪᠦᠳᠦᠬᠦᠪᠴᠢ ᠵᠦᠪᠯᠡᠯᠴᠡᠭᠡᠷ ᠢ ᠴᠢᠨᠠᠭᠰᠢᠳᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠪᠡ᠃

    ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠭᠦᠨ᠂ ᠥᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠵᠢᠶᠠᠨ ᠮᠢᠨ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠭᠦᠨ᠂ ᠨᠠᠷᠢᠨ ᠪᠢᠴᠢᠭ᠌ ᠤᠨ ᠳᠠᠷᠤᠭ᠎ᠠ ᠯᠦᠸᠧ ᠶᠦᠩ ᠭᠠᠩ ᠠᠭᠤᠯᠵᠠᠯᠲᠠ ᠳᠤ ᠤᠷᠤᠯᠴᠠᠪᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120070424