蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠬᠦᠯᠥᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠡ ᠬᠢᠪᠡ

2016-12-13 13:17

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠤᠢᠢᠷ᠎ᠠ ᠶᠢᠨ ᠡᠳᠤᠷ ᠬᠦᠯᠥᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠡᠭᠡᠨ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠰᠠᠬᠢᠨ ᠪᠠᠷᠠᠯᠠᠵᠥ ᠬᠠᠷᠢᠯᠴᠠᠨ ᠳᠤᠰᠠᠯᠠᠯᠴᠠᠨ ᠪᠦᠯᠬᠦᠮᠳᠡᠨ ᠲᠡᠮᠡᠴᠡᠵᠥ ᠴᠤᠴᠠᠯᠳᠡ ᠦᠭᠡᠢ ᠤᠷᠤᠭᠰᠢᠯᠠᠵᠥ᠂ ᠬᠦᠯᠥᠨ ᠪᠤᠶᠢᠷ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠬᠦᠴᠦᠯᠡᠨ ᠨᠡᠬᠡᠬᠡᠬᠦ ᠬᠡᠷᠡᠭᠳᠡᠢ ᠬᠡᠪᠡ᠃

    ᠬᠠᠬᠢᠷ ᠡᠪᠤᠯ ᠪᠤᠯᠤᠭᠰᠠᠨ᠎ᠠ ᠬᠦᠯᠥᠨ ᠪᠤᠶᠢᠷ ᠤᠨ ᠡᠬᠡ ᠭᠠᠵᠠᠷ ᠲᠤ ᠶᠡᠭᠡ ᠴᠠᠰᠤ ᠤᠷᠤᠵᠥ᠂ ᠲᠤᠰᠤᠯ ᠤᠰᠤ ᠲᠤᠤᠷ᠎ᠠ ᠪᠠᠨ ᠬᠦᠯᠳᠡᠨ ᠭᠠᠵᠠᠷ ᠪᠤᠯᠭᠠᠨ ᠳᠤ ᠮᠦᠩᠬᠦᠨ ᠬᠤᠶᠠᠭ ᠬᠡᠳᠦᠷᠦᠭᠰᠡᠡ ᠪᠠᠶᠢᠯ᠎ᠠ᠃ 12 ᠰᠠᠷ᠎ᠠ ᠶᠢᠨ 9 ᠡᠴᠡ12 ᠤ᠋ᠨ ᠡᠳᠤᠷ ᠪᠤᠯᠳᠠᠯ᠎ᠠ᠂ ᠯᠢ ᠵᠢᠢ ᠡᡁᠧᠩ ᠬᠠᠭᠤᠴᠢᠨ ᠪᠠᠷᠭᠤ ᠬᠤᠰᠢᠭᠤ᠂ ᠡᠷᠬᠦᠨ᠎ᠡ ᠬᠤᠳᠠ᠂ ᠬᠡᠬᠡᠨ ᠭᠤᠤᠯ ᠬᠤᠳᠠ᠂ ᠤᠷᠴᠤᠨ ᠤ ᠦᠪᠡᠷᠳᠡᠭᠡᠨ ᠵᠠᠰᠠᠬᠤ ᠬᠤᠰᠢᠭᠤᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠡ ᠬᠢᠵᠥ᠂ ᠦᠨᠳᠦᠰᠦᠨ ᠱᠠᠳᠤᠨ ᠤ ᠺᠠᠳ᠋ᠷ ᠪᠤᠯᠤᠨ ᠦᠨᠳᠦᠰᠦᠳᠡᠨ ᠨᠦᠭᠦᠳ ᠤᠨ ᠤᠯᠠᠨ ᠲᠦᠮᠡᠨ ᠲᠠᠢ ᠨᠢᠭᠤᠷᠳᠡᠨ ᠶᠠᠷᠢᠯᠴᠠᠵᠥ᠂ ᠭᠠᠮᠰᠢᠭᠳᠠᠭᠰᠠᠠ ᠮᠠᠯᠵᠢᠬᠤ ᠡᠷᠦᠬᠡ ᠪᠤᠯᠤᠨ ᠰᠢᠭᠤᠢᠢᠳᠤ ᠤᠷᠤᠨ ᠤ ᠡᠮᠤᠨ᠎ᠡ ᠹᠷᠤᠨᠲ ᠤᠨ ᠠᠵᠢᠯᠳᠠᠨ ᠠᠵᠢᠯᠴᠢᠨ ᠢ ᠡᠷᠬᠢᠨ ᠲᠤᠬᠤᠨᠢᠭᠤᠯᠵᠥ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃

    ᠡᠨᠡ ᠵᠤᠨ ᠬᠦᠯᠦᠨ ᠪᠤᠶᠢᠷ ᠬᠤᠲᠠ ᠬᠦᠨᠳᠦ ᠨᠤᠴᠢᠲᠠᠢ ᠭᠠᠩ ᠤᠨ ᠭᠠᠮᠰᠢᠭ ᠲᠤ ᠲᠠᠭᠠᠷᠢᠭᠳᠠᠪᠠ᠃ ᠯᠢ ᠵᠢᠢ ᠾᠧᠩ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠠᠯ ᠠᠮᠢᠳᠤᠷᠠᠯ ᠢ ᠶᠠᠷᠤᠨᠢ ᠰᠡᠳᠬᠢᠯ ᠳᠡᠭᠡᠨ ᠪᠤᠳᠤᠵᠤ ᠪᠠᠶᠢᠵᠠᠢ᠃ ᠲᠡᠷᠡ ᠬᠠᠭᠤᠴᠢᠨ ᠪᠠᠷᠭᠤ ᠬᠤᠰᠢᠭᠤᠨ ᠤ ᠡᠸ᠋ᠨᠩᠬᠢ ᠦᠨᠳᠦᠰᠦᠲᠡᠨ ᠤ ᠰᠤᠮᠤ ᠶᠢᠨ ᠮᠦᠩᠭᠦᠨᠨᠠᠭᠤᠷ ᠭᠠᠴᠠᠭ᠎ᠠ ᠳᠤ ᠬᠦᠷᠴᠤ᠂ ᠮᠠᠯᠴᠢᠨ ᠮᠢᠵᠢᠳᠳᠤᠷᠵᠢ ᠶᠢᠨ ᠮᠠᠯ ᠤᠨ ᠬᠠᠰᠢᠶ᠎ᠠ ᠰᠠᠷᠠᠪᠴᠢᠨ ᠳᠤ ᠤᠷᠤᠵᠤ᠂ ᠲᠡᠵᠢᠭᠡᠯ ᠡᠪᠡᠰᠤ ᠶᠢᠨ ᠨᠦᠭᠡᠴᠡ ᠶᠢᠨ ᠪᠠᠶᠢᠳᠠᠯ ᠢ ᠨᠢ ᠨᠠᠷᠢᠨ ᠤᠢᠢᠯᠠᠭᠠᠪᠠ᠃ ᠯᠢ ᠵᠢᠢ ᠾᠧᠩ ᠮᠠᠯᠴᠢᠨ ᠪᠠᠯᠵᠢᠨᠢᠮ᠎ᠠ ᠶᠢᠨ ᠭᠡᠷ ᠲᠤ ᠤᠷᠤᠮᠠᠭᠴᠠ ᠳᠤᠯᠠᠭᠠᠯᠠᠭ᠎ᠠ ᠨᠢ ᠰᠠᠶᠢᠨ ᠪᠠᠶᠢᠬᠤ ᠡᠰᠡᠬᠦ ᠶᠢ ᠦᠵᠡᠵᠦ᠂ ᠡᠪᠦᠯ ᠢ ᠦᠩᠭᠡᠷᠡᠬᠦ ᠳᠤ ᠪᠠᠰᠠ ᠶᠠᠭᠤ ᠳᠤᠲᠠᠭᠳᠠᠵᠤ ᠪᠠᠶᠢᠬᠤ ᠶᠢ ᠨᠢ ᠯᠠᠪᠯᠠᠨ ᠠᠰᠠᠭᠤᠵᠠᠢ᠃ ᠮᠠᠯᠴᠢᠳ ᠤᠨ ᠠᠮᠢᠳᠤᠷᠠᠯ ᠲᠤᠯᠠᠭᠠᠨ ᠲᠠᠭᠠᠳᠠᠢ᠂ ᠮᠠᠯ ᠤᠨ ᠲᠡᠵᠢᠭᠡᠯ ᠡᠪᠡᠰᠤ ᠭᠦᠢᠴᠡᠳ᠂ ᠡᠪᠦᠯ ᠢ ᠦᠩᠭᠡᠷᠡᠬᠦ ᠳᠤ ᠪᠠᠲᠤᠯᠠᠭ᠎ᠠ ᠲᠠᠢ ᠪᠠᠶᠢᠬᠤ ᠶᠢ ᠤᠯᠵᠤ ᠮᠡᠳᠡᠭᠡᠳ ᠯᠢ ᠵᠢᠢ ᠾᠧᠩ ᠶᠡᠬᠡᠪᠡᠷ ᠪᠠᠶᠠᠷᠯᠠᠵᠠᠢ᠃ ᠶᠠᠪᠤᠬᠤ ᠠᠴᠠ ᠪᠠᠨ ᠡᠮᠦᠨ᠎ᠡ ᠲᠤᠭᠤᠭᠠᠨ ᠭᠡᠷ ᠲᠤᠨᠢ ᠲᠤᠰᠬᠠᠢ ᠤᠷᠤᠵᠤ ᠬᠠᠯᠠᠭᠤᠨ ᠠᠭᠤᠷ ᠰᠡᠪᠰᠠᠯᠠᠭᠰᠠᠨ ᠰᠦ᠋ ᠲᠠᠢ ᠴᠠᠢ ᠶᠢ ᠨᠢ ᠬᠠᠷᠠᠭᠠᠳ ᠯᠢ ᠵᠢᠢ ᠾᠧᠩ ᠬᠦᠨ ᠰᠡᠳᠬᠢᠯᠭᠡ ᠲᠠᠢ ᠪᠠᠷ᠂ ᠰᠦ᠋ ᠲᠠᠢ ᠴᠠᠢ ᠶᠢᠨ ᠬᠠᠩᠬᠤᠯᠤᠭᠰᠠᠨ ᠦᠨᠦᠷ ᠭᠡᠷ ᠪᠦᠯᠢ ᠶᠢᠨ ᠬᠠᠯᠠᠭᠤᠨ ᠳᠤᠯᠠᠭᠠᠨ ᠢ ᠰᠠᠨᠠᠬᠳᠠᠭᠤᠯᠤᠨ᠎ᠠ᠃ ᠰᠦ᠋ ᠲᠠᠢ ᠴᠠᠢ ᠪᠤᠯ ᠳᠠᠷᠤᠢ ᠡᠵᠢ ᠶᠢᠨ ᠬᠠᠯᠠᠮᠵᠢ᠂ ᠰᠦ᠋ ᠲᠠᠢ ᠴᠠᠢ ᠪᠤᠯ ᠳᠠᠷᠤᠢ ᠡᠬᠡ ᠨᠤᠳᠤᠭ ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠭᠠᠮᠰᠢᠭᠳᠠᠭᠰᠠᠨ ᠤᠯᠠᠨ ᠲᠦᠮᠡᠨ ᠪᠤᠯᠤᠨ ᠬᠦᠴᠢᠷᠳᠡᠯᠲᠡᠢ ᠤᠯᠠᠨ ᠲᠦᠮᠡᠨ ᠤ ᠠᠶᠤᠯᠬᠦᠢ ᠬᠠᠯᠠᠭᠤᠨ ᠳᠤᠯᠠᠭᠠᠨ ᠢ ᠰᠡᠳᠬᠢᠯ ᠳᠡᠭᠡᠨ ᠳᠡᠭᠡᠳᠦᠯᠡᠵᠦ᠂ ᠮᠦᠷᠦᠨ ᠳᠡᠭᠡᠨ ᠲᠠᠯᠪᠢᠨ᠂ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠤᠯᠠᠨ ᠲᠦᠮᠡᠨ ᠪᠤᠯᠤᠨ ᠬᠦᠴᠢᠷᠳᠡᠯᠲᠡᠢ ᠤᠯᠠᠨ ᠲᠦᠮᠡᠨ ᠤ ᠠᠶᠤᠯᠬᠦᠢ ᠳᠤᠯᠠᠭᠠᠨ ᠲᠠᠭᠠᠯᠠᠮᠵᠢᠳᠠᠢ ᠪᠠᠷ ᠡᠪᠦᠯ ᠢ ᠦᠩᠭᠡᠷᠡᠬᠦ ᠶᠢ ᠪᠠᠲᠤᠯᠠᠬᠤ ᠬᠡᠷᠡᠭᠲᠡᠢ ᠬᠡᠵᠡᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120691120108527