蒙古文网站Logo
ᠰᠢᠨᠬᠤᠸᠠ ᠮᠤᠩᠭ᠋ᠤᠯ ᠨᠧᠲ

4.3 ᠲᠦᠮᠡᠨ ᠠᠰᠠᠭᠤᠳᠠᠯ ᠲᠠᠢ ᠭᠠᠵᠠᠷ ᠦᠨ ᠵᠢᠷᠤᠬ ‍ᠢ ᠰᠢᠯᠭᠠᠨ ᠳᠤᠳᠤᠯᠠᠪᠠ

2016-12-13 13:41

    ᠠᠷᠠᠳ ᠦᠨ ᠡᠳᠤᠷ ᠦᠨ ᠰᠤᠨᠢᠨ ᠦ ᠪᠡᠭᠡᠵᠢᠩ ᠦᠨ 12 ᠰᠠᠷ᠎ᠠ ᠵᠢᠨ 11 ᠦ ᠡᠳᠤᠷ ᠦᠨ ᠮᠡᠳᠡᠭᠡ ᠶᠢ ᠦᠨᠳᠦᠰᠦᠯᠡᠪᠡᠯ᠂ ᠰᠤᠷᠪᠤᠯᠵᠢᠯᠠᠭᠴᠢ ᠲᠦᠷᠤᠬᠥᠭᠡᠨ ᠬᠤᠷᠠᠯᠳᠤᠬᠰᠠᠨ ᠤᠯᠤᠰ ᠲᠠᠶᠠᠭᠠᠷ ᠦᠨ ᠭᠠᠵᠠᠷ ᠦᠨ ᠵᠢᠷᠤᠬ ᠦᠨ ᠬᠠᠮᠢᠶᠠᠷᠤᠯᠳᠠ ᠵᠢᠨ ᠠᠵᠢᠯ ᠦᠨ ᠬᠤᠷᠠᠯ ᠡᠴᠡ ᠦᠢᠯᠠᠭᠠᠭᠰᠠᠨ ᠢᠶᠡᠷ 2016 ᠤᠨ ᠳ᠋ᠤ ᠮᠠᠨ ᠦ ᠤᠯᠤᠰ ᠦᠨ ᠡᠯ᠎ᠠ ᠭᠠᠵᠠᠷ ᠦᠨ ᠬᠢᠨ ᠭᠠᠵᠠᠷ ᠦᠨ ᠵᠢᠷᠤᠬ ᠦᠨ ᠵᠠᠬ᠎ᠠ ᠵᠡᠬᠡᠯᠢ ᠶᠢᠨ ᠰᠢᠯᠭᠠᠯᠳᠠ ᠶᠢ 1660 ᠤᠳᠠᠭ᠎ᠠ ᠵᠤᠬᠢᠶᠠᠨ ᠪᠠᠶᠢᠭᠤᠯᠵᠤ᠂ ᠭᠠᠵᠠᠷ ᠦᠨ ᠵᠢᠷᠤᠬ ᠦᠨ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠵᠢ 253 ᠳᠤᠳᠤᠯᠠᠨ ᠰᠢᠢᠳᠪᠤᠷᠢᠯᠡᠵᠤ᠂ ᠡᠨᠡ ᠨᠢ 4.3 ᠲᠦᠮᠡ ᠭᠠᠷᠤᠢ《ᠠᠰᠠᠭᠤᠳᠠᠯ ᠲᠠᠢ ᠭᠠᠵᠠᠷ ᠦᠨ ᠵᠢᠷᠤᠬ》 ᠲᠤ ᠬᠤᠯᠪᠤᠬᠳᠠᠭᠰᠠᠨ ᠪᠠᠶᠢᠨ᠎ᠠ᠃

    ᠬᠤᠷᠠᠯ ᠢᠶᠡᠷ᠂ ᠤᠯᠤᠰ ᠦᠨ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠬᠢ ᠵᠢᠨ ᠲᠤᠪᠴᠢᠶ᠎ᠠ ᠡᠴᠠ ᠭᠠᠵᠠᠷ ᠦᠨ ᠵᠢᠷᠤᠬ ᠦᠨ ᠬᠠᠮᠢᠶᠠᠷᠤᠯᠳᠠ ᠵᠢᠨ ᠡᠳᠤᠢ ᠲᠡᠳᠤᠢ ᠰᠢᠨ᠎ᠠ ᠠᠷᠭ᠎ᠠ ᠬᠡᠮᠵᠢᠶ᠎ᠠ ᠵᠢ ᠲᠤᠷᠠᠳᠤᠨ ᠭᠠᠷᠭᠠᠪᠠ᠄ ᠭᠠᠵᠠᠷ ᠦᠨ ᠵᠢᠷᠤᠬ ᠦᠨ ᠬᠠᠮᠢᠶᠠᠷᠤᠯᠳᠠ ᠵᠢᠨ ᠠᠵᠢᠯ ᠢ ᠬᠤᠳᠠ᠂ ᠰᠢᠶᠠᠨ ᠦ ᠱᠠᠳᠤᠨ ᠦ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠬᠢ ᠵᠢᠨ ᠵᠠᠰᠠᠬ ᠵᠠᠬᠢᠷᠭᠠᠨ ᠦ ᠡᠷᠬᠢᠯᠡᠨ ᠬᠠᠮᠢᠶᠠᠷᠬᠤ ᠪᠠᠶᠢᠭᠤᠯᠤᠯᠭ᠎ᠠ ᠳᠤ ᠨᠠᠢᠳᠠᠪᠤᠷᠢᠵᠢᠭᠤᠯᠤᠨ᠎ᠠ; ᠭᠠᠵᠠᠷ ᠦᠨ ᠵᠢᠷᠤᠬ ᠦᠨ ᠬᠠᠮᠢᠶᠠᠷᠤᠯᠳᠠ ᠵᠢᠨ ᠲᠦ᠋ᠷᠤ ᠵᠢᠨ ᠪᠤᠳᠤᠯᠭ᠎ᠠ ᠵᠢ ᠵᠢᠷᠤᠮᠵᠢᠭᠤᠯᠬᠤ ᠰᠤᠳᠤᠯᠭᠠᠨ ᠢ ᠴᠢᠩᠭᠠᠳᠬᠠᠨ᠎ᠠ; ᠭᠠᠵᠠᠷ ᠦᠨ ᠵᠢᠷᠤᠬ ᠢ ᠬᠢᠨᠠᠨ ᠬᠠᠷᠭᠤᠭᠤᠯᠬᠤ ᠰᠠᠭᠠᠳ ᠦᠭᠡᠢ ᠨᠡᠪᠳᠡᠷᠡᠬᠥ ᠵᠠᠮ ᠢ ᠭᠠᠷᠭᠠᠵᠤ᠂ ᠮᠡᠷᠭᠡᠵᠢᠯ ᠦᠨ ᠬᠢᠨᠠᠨ ᠰᠢᠯᠭᠠᠯᠳᠠ ᠶᠢᠨ ᠠᠷᠭ᠎ᠠ ᠪᠠᠷᠢᠯ ᠦᠨ ᠲᠠᠯ᠎ᠠ ᠪᠡᠷ ᠰᠢᠨ᠎ᠠ ᠵᠢ ᠡᠬᠥᠳᠤᠨ᠎ᠠ; ᠤᠯᠤᠰ ᠦᠨ ᠢᠨᠲ᠋ᠧᠷᠨᠧᠲ ᠭᠠᠵᠠᠷ ᠦᠨ ᠵᠢᠷᠤᠬ ᠦᠨ ᠬᠢᠨᠠᠨ ᠡᠵᠡᠮᠳᠡᠬᠥ ᠲᠦᠪ ᠦᠨ ᠪᠠᠶᠢᠭᠤᠯᠤᠯᠳᠡ ᠪᠤᠯᠤᠨ ᠭᠠᠵᠠᠷ ᠦᠨ ᠵᠢᠷᠤᠬ ᠦᠨ ᠬᠠᠮᠢᠶᠠᠷᠤᠯᠳᠠ ᠵᠢᠨ ᠰᠦᠯᠵᠢᠶᠡᠵᠢᠯᠳᠡ ᠤᠶᠤᠨᠴᠢᠯᠠᠯᠳᠠ ᠵᠢᠨ ᠬᠢᠷᠢ ᠲᠦᠪᠰᠢᠨ ᠢ ᠠᠬᠢᠭᠤᠯᠤᠨ᠎ᠠ; ᠭᠠᠵᠠᠷ ᠦᠨ ᠵᠢᠷᠤᠬ ᠦᠨ ᠵᠢᠯᠤᠭᠤᠴᠢ ᠦᠭᠡᠢ ᠮᠠᠰᠢᠨ᠂ ᠤᠶᠤᠨᠴᠢ ᠵᠠᠮ ᠬᠠᠷᠢᠯᠴᠠᠭ᠎ᠠ᠂ ᠤᠶᠤᠨᠴᠢ ᠡᠳ᠋ ᠪᠠᠷᠠᠭᠠᠨ ᠦ ᠬᠥᠢᠯᠭᠡᠭᠡ ᠵᠡᠷᠭᠡ ᠲᠠᠯ᠎ᠠ ᠵᠢᠨ ᠬᠡᠷᠡᠭᠯᠡᠯᠳᠡ ᠵᠢ ᠲᠦᠷᠤ ᠵᠢᠨ ᠪᠤᠳᠤᠯᠭ᠎ᠠ ᠪᠡᠷ ᠲᠡᠮᠵᠢᠵᠤ ᠬᠥᠳᠤᠯᠤᠨ ᠲᠠᠭᠠᠭᠤᠯᠤᠨ᠎ᠠ᠃

ᠢᠷᠡᠯᠳᠡ᠄ ᠠᠷᠠᠳ ᠦᠨ ᠡᠳᠤᠷ ᠦᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011120701120108601