蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠵᠤ ᠯᠢ ᠵᠢᠢ ᠾᠧᠩ ᠴᠢᠬᠤᠯᠠ ᠶᠠᠷᠢᠶ᠎ᠠ ᠲᠠᠯᠪᠢᠪᠡ

2016-12-21 11:24

    12 ᠰᠠᠷ᠎ᠠ ᠶᠢᠨ 19 ᠤ ᠡᠳᠦᠷ᠂ ᠤᠷᠤᠨ ᠲᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠤᠯᠤᠰ ᠲᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠪᠠ《ᠰᠢᠨ᠎ᠡ ᠪᠠᠶᠢᠳᠠᠯ ᠲᠤᠤᠷᠡᠬᠢ ᠱᠠᠰᠢᠨ ᠰᠤᠷᠳᠠᠬᠤᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ》 ᠤ᠋ᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠴᠠᠭ ᠤᠨ ᠪᠠᠶᠢᠳᠠᠯ ᠢ ᠵᠠᠳᠠᠯᠦᠨ᠂ ᠠᠰᠠᠭᠤᠳᠠᠯ ᠢ ᠰᠤᠳᠤᠯᠵᠤ᠂ ᠠᠵᠢᠯ ᠢ ᠪᠠᠶᠢᠷᠢᠯᠠᠭᠤᠯᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠡ᠃

    ᠯᠢ ᠵᠢᠢ ᠾᠧᠩ ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠶᠡᠷᠦᠩᠬᠡᠢ ᠱᠦᠵᠢ ᠰᠢ ᠶᠢᠨ ᠫᠢᠩ ᠤᠨ ᠴᠤᠪᠤᠷᠠᠯ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠰᠢᠨ᠎ᠠ ᠤᠢᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠱᠠᠰᠢᠨ ᠰᠤᠷᠳᠠᠬᠤᠨ ᠤ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠵᠠᠮ ᠨᠡᠭᠡᠭᠡᠨ ᠡᠷᠡᠯᠭᠡᠭ᠍ᠯᠡᠨ ᠤᠷᠤᠭᠰᠢᠯᠠᠵᠤ᠂ ᠯᠠᠪᠳᠠᠭᠤᠨ ᠪᠠᠳᠤᠳᠠᠢ ᠠᠵᠢᠯᠯᠠᠨ᠂ ᠮᠠᠨ ᠤ ᠤᠷᠤᠨ ᠤ ᠱᠠᠰᠢᠨ ᠰᠤᠷᠳᠠᠬᠤᠨ ᠤ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠬᠦᠳᠴᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢ ᠨᠠᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠪᠡ᠃

    ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠳᠡ ᠶᠢᠨ ᠡᠮᠦᠨᠡᠬᠢ ᠪᠦᠬᠦᠳᠡ ᠬᠤᠷᠠᠯ ᠢ ᠡᠷᠬᠢᠯᠡᠪᠡ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠦᠳᠡ ᠶᠢᠨ ᠬᠤᠶᠢᠨᠠᠬᠢ ᠪᠦᠬᠦᠳᠡ ᠬᠤᠷᠠᠯ ᠲᠡᠭᠡᠷ᠎ᠡ ᠳ᠋ᠦᠩᠨᠡᠯᠳᠡ ᠶᠢᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠯᠢᠦ ᠰᠢᠨ ᠯᠧ ᠦᠳᠡ ᠶᠢᠨ ᠬᠤᠶᠢᠨᠡᠬᠢ ᠪᠦᠬᠦᠳᠡ ᠬᠤᠷᠠᠯ ᠢ ᠡᠷᠬᠢᠯᠡᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠤᠯᠭ᠎ᠠ ᠨᠦᠬᠦᠳ ᠬᠤᠷᠠᠯ ᠳᠤ ᠤᠷᠤᠯᠴᠠᠵᠠᠢ᠃

    ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠲᠡᠭᠡᠷ᠎ᠡ ᠬᠢᠭᠰᠡᠨ ᠴᠢᠬᠤᠯᠠ ᠶᠠᠷᠢᠶ᠎ᠠ ᠨᠢ ᠨᠠᠮ ᠪᠤᠯᠤᠨ ᠤᠯᠤᠰ ᠤᠨ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠱᠠᠰᠢᠨ ᠰᠤᠷᠳᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠰᠢᠨᠵᠢᠯᠡᠭᠦ ᠤᠬᠠᠭᠠᠨᠴᠢ ᠪᠠᠷ ᠵᠠᠳᠠᠯᠵᠤ᠂ ᠱᠠᠰᠢᠨ ᠰᠤᠷᠳᠠᠬᠤᠨ ᠤ ᠠᠵᠢᠯ ᠤᠨ ᠴᠤᠪᠤᠷᠠᠯ ᠴᠢᠬᠤᠯᠠ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠬᠦᠨᠵᠡᠭᠡᠢ ᠲᠤᠳᠤᠷᠬᠠᠢᠢᠯᠠᠨ ᠦᠭᠦᠯᠡᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠳᠠᠬᠤᠨ ᠤ ᠤᠨᠤᠯ ᠢ ᠲᠤᠳᠤᠷᠬᠠᠢ ᠲᠤᠷᠠᠳᠴᠤ᠂ ᠰᠢᠨ᠎ᠡ ᠪᠠᠶᠢᠳᠠᠯ ᠲᠤᠤᠷᠠᠬᠢ ᠱᠠᠰᠢᠨ ᠰᠤᠷᠳᠠᠬᠤᠨ ᠤ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠭᠦ ᠳᠠᠯ᠎ᠠ ᠪᠠᠷ ᠲᠤᠳᠤᠷᠬᠠᠢ ᠱᠠᠭᠠᠷᠳᠠᠯᠭ᠎ᠠ ᠲᠤᠷᠠᠳᠪᠡ᠂ ᠡᠨᠡ ᠨᠢ ᠮᠠᠨᠤᠰ ᠤᠨ ᠰᠢᠨ᠎ᠡ ᠪᠠᠶᠢᠳᠠᠯ ᠲᠤᠤᠷᠡᠬᠢ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠭᠦ ᠶᠢ ᠵᠢᠯᠤᠭᠤᠳᠬᠤ ᠬᠦᠳᠦᠯᠪᠦᠷᠢ ᠶᠢᠨ ᠴᠢᠨᠠᠷᠳᠠᠢ ᠰᠤᠷᠪᠤᠯᠵᠢ ᠪᠢᠴᠢᠭ᠌ ᠪᠤᠯᠤᠨ᠎ᠠ᠃ ᠤᠷᠤᠨ ᠲᠠᠶᠠᠭᠠᠷ ᠤᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠤᠰ ᠲᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠤᠨᠴᠠᠭᠠᠢᠢᠯᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠵᠠᠪᠠᠯ ᠬᠢᠨᠠᠮᠠᠭᠠᠢ ᠰᠤᠷᠤᠯᠴᠠᠨ ᠬᠦᠨᠵᠡᠭᠡᠢ ᠤᠢᠢᠯᠠᠭᠠᠵᠤ᠂ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠳᠤ ᠵᠤᠬᠰᠤᠵᠤ ᠱᠠᠰᠢᠨ ᠰᠤᠷᠳᠠᠬᠤᠨ ᠤ ᠠᠵᠢᠯ ᠤᠨ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠬᠦᠨᠵᠡᠭᠡᠢ ᠲᠠᠨᠢᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠪᠠ ᠰᠠᠨᠠᠭᠠᠰᠢᠷᠠᠨ ᠵᠤᠪᠠᠨᠢᠬᠤ ᠤᠬᠠᠮᠰᠠᠷ ᠢ ᠪᠠᠳᠤ ᠪᠠᠬᠢ ᠪᠤᠢ ᠪᠤᠯᠭᠠᠨ᠂ ᠨᠠᠮ ᠪᠤᠯᠤᠨ ᠠᠷᠠᠳ ᠲᠦᠮᠡᠨ ᠤ ᠦᠢᠯᠡᠰ ᠲᠤ ᠲᠡᠭᠡᠳᠦ ᠬᠡᠮᠵᠢᠶ᠎ᠠ ᠪᠠᠷ ᠬᠠᠷᠢᠭᠤᠴᠠᠬᠤ ᠤᠪᠤᠷ ᠢᠶᠠᠷ᠂ ᠰᠢᠨ᠎ᠡ ᠪᠠᠶᠢᠳᠠᠯ ᠲᠤᠤᠷᠡᠬᠢ ᠱᠠᠰᠢᠨ ᠰᠤᠷᠳᠠᠬᠤᠨ ᠤ ᠠᠵᠢᠯ ᠢ ᠨᠡᠩ ᠢᠳᠡᠪᠬᠢᠳᠡᠢ ᠰᠠᠨᠠᠭᠠᠴᠢᠯᠠᠭ᠎ᠠ ᠲᠠᠢ ᠰᠠᠶᠢᠳᠤᠷ ᠬᠢᠭᠦ ᠬᠡᠷᠡᠭᠳᠡᠢ ᠬᠡᠵᠡᠢ᠃

    ᠯᠢ ᠵᠢᠢ ᠾᠧᠩ᠂ ᠮᠠᠨ ᠤ ᠤᠷᠤᠨ ᠤ ᠱᠠᠰᠢᠨ ᠰᠤᠷᠳᠠᠬᠤᠨ ᠤ ᠠᠵᠢᠯ ᠤᠷᠳᠤ ᠬᠤᠭᠤᠴᠠᠭᠠᠨ ᠤ ᠲᠡᠤᠭᠡᠨ ᠬᠦᠭᠵᠢᠯᠳᠡ ᠪᠠᠷ ᠲᠠᠮᠵᠢᠨ ᠤᠯᠠᠨ ᠡᠰᠢᠴᠢᠯᠡᠨ ᠬᠠᠮᠳᠤᠪᠡᠷ ᠤᠷᠤᠰᠢᠬᠤ ᠪᠠᠶᠢᠳᠠᠯ ᠢ ᠪᠤᠢ ᠪᠤᠯᠭᠠᠵᠠᠢ᠃ ᠤᠢᠢᠷ᠎ᠠ ᠶᠢᠨ ᠵᠢᠯ ᠠᠴᠠ ᠨᠠᠭᠠᠰᠢ᠂ ᠮᠠᠨ ᠤ ᠤᠷᠤᠨ ᠤ ᠱᠠᠰᠢᠨ ᠰᠤᠷᠳᠠᠬᠤᠨ ᠤ ᠬᠦᠷᠢᠶᠠᠨ᠎ᠠ ᠶᠡᠷᠦᠩᠬᠡᠢ ᠳᠡᠭᠡᠨ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠢ ᠪᠠᠷᠢᠮᠳᠠᠯᠠᠪᠡ᠂ ᠬᠡᠪᠡᠴᠤ ᠪᠠᠰᠠ ᠡᠳᠦᠢ ᠲᠡᠳᠦᠢ ᠰᠢᠨ᠎ᠠ ᠪᠠᠶᠢᠳᠠᠯ ᠰᠢᠨ᠎ᠠ ᠠᠰᠠᠭᠤᠳᠠᠯ ᠲᠤᠯᠭᠠᠷᠠᠵᠤ ᠪᠤᠢ᠃ ᠰᠢᠨ᠎ᠡ ᠪᠠᠶᠢᠳᠠᠯ ᠲᠤᠤᠷᠡᠬᠢ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠭᠦ ᠳᠤ᠂ ᠡᠷᠬᠡᠪᠰᠢ ᠮᠠᠷᠺᠰ ᠤᠨ ᠦᠵᠡᠯ ᠤᠨ ᠱᠠᠰᠢᠨ ᠰᠤᠷᠳᠠᠬᠤᠨ ᠤ ᠦᠵᠡᠯᠳᠡ ᠪᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠳᠠᠬᠤᠨ ᠤ ᠤᠨᠤᠯ ᠢᠶᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠱᠠᠰᠢᠨ ᠰᠤᠷᠳᠠᠬᠤᠨ ᠤ ᠠᠵᠢᠯ ᠤᠨ ᠴᠢᠭᠯᠡᠯᠳᠡ ᠶᠢ ᠪᠠᠷᠢᠮᠳᠠᠯᠠᠨ᠂ ᠨᠠᠮ ᠤᠨ ᠱᠠᠰᠢᠨ ᠰᠤᠷᠳᠠᠬᠤᠨ ᠰᠢᠳᠤᠯᠭᠡ ᠪᠢᠰᠢᠷᠠᠯ ᠤᠨ ᠴᠢᠯᠦᠭᠡᠳᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠠᠤᠯᠢ ᠶᠤᠰᠤᠭᠠᠷ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠬᠠᠮᠢᠶᠠᠷᠦᠨ᠂ ᠱᠠᠰᠢᠨ ᠰᠤᠷᠳᠠᠬᠤᠨ ᠤ ᠠᠵᠢᠯ ᠤᠨ ᠬᠠᠤᠯᠢᠵᠢᠯ ᠤᠨ ᠲᠦᠪᠰᠢᠨ ᠢ ᠲᠡᠭᠡᠭᠰᠢᠯᠡᠭᠦᠯᠵᠤ᠂ ᠱᠠᠰᠢᠨ ᠰᠤᠷᠳᠠᠬᠤᠨ ᠤ ᠲᠤᠮᠳᠠᠳᠤ ᠤᠯᠤᠰᠴᠢᠯᠠᠬᠤ ᠴᠢᠭᠯᠡᠯ ᠢ ᠪᠠᠷᠢᠮᠳᠠᠯᠠᠨ᠂ ᠪᠡᠶ᠎ᠠ ᠪᠠᠨ ᠲᠠᠭᠠᠭᠠᠵᠤ ᠡᠷᠭᠡ ᠮᠡᠳᠡᠨ ᠦᠪᠡᠰᠦᠪᠡᠨ ᠡᠷᠬᠢᠯᠡᠭᠦ ᠵᠠᠷᠴᠢᠮ ᠢ ᠪᠠᠷᠢᠮᠳᠠᠯᠠᠵᠤ᠂ ᠱᠠᠰᠢᠨ ᠰᠤᠷᠳᠠᠬᠤᠨ ᠬᠢᠭᠡᠳ ᠨᠡᠶᠢᠭᠡᠮ ᠵᠢᠷᠤᠮᠳᠦ ᠨᠡᠶᠢᠭᠡᠮ ᠤᠨ ᠬᠠᠷᠢᠯᠴᠠᠨ ᠵᠤᠬᠢᠴᠠᠯᠳᠤᠬᠤ ᠶᠢ ᠢᠳᠡᠪᠬᠢᠳᠡᠢ ᠬᠦᠳᠦᠯᠦᠨ ᠵᠢᠯᠤᠭᠤᠳᠴᠤ᠂ ᠱᠠᠰᠢᠨ ᠰᠤᠷᠳᠠᠬᠤᠨ ᠤ ᠠᠵᠢᠯ ᠤᠨ ᠢᠮᠠᠬᠳᠠ ᠵᠦᠪ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠬᠤ ᠬᠡᠷᠡᠭᠳᠡᠢ᠃ ᠪᠦᠬᠦᠯᠢ ᠴᠤᠬᠴᠠ᠂ ᠪᠦᠬᠦ ᠲᠠᠯ᠎ᠠ ᠪᠠᠷ ᠠᠬᠢᠭᠤᠯᠬᠤ ᠬᠠᠷᠠᠭᠠᠰᠦ ᠪᠠ ᠡᠯ᠎ᠠ ᠱᠠᠰᠢᠨ ᠰᠤᠷᠳᠠᠬᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠤᠨ᠂ ᠭᠤᠤᠯ ᠵᠦᠷᠢᠴᠡᠯ ᠢ ᠠᠳᠬᠤᠵᠤ᠂ ᠡᠯ᠎ᠠ ᠱᠠᠰᠢᠨ ᠰᠤᠷᠳᠠᠬᠤᠨ ᠤ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠵᠤ᠂ ᠱᠠᠰᠢᠨ ᠰᠤᠷᠳᠠᠬᠤᠨ ᠤ ᠬᠦᠷᠢᠶᠡᠨ ᠳᠤ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠭᠦ ᠪᠠᠷ ᠪᠦᠬᠦ ᠲᠠᠯ᠎ᠠ ᠶᠢᠨ ᠠᠵᠢᠯ ᠢ ᠠᠬᠢᠭᠤᠯᠬᠤ ᠬᠡᠷᠡᠭᠳᠡᠢ ᠬᠡᠵᠡᠢ᠃

    ᠯᠢ ᠵᠢᠢ ᠾᠧᠩ᠂ ᠨᠠᠮ ᠤᠨ ᠱᠠᠰᠢᠨ ᠰᠤᠷᠳᠠᠬᠤᠨ ᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠪᠤᠯ ᠰᠢᠨ᠎ᠡ ᠪᠠᠶᠢᠳᠠᠯ ᠲᠤᠤᠷᠡᠬᠢ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠭᠦ ᠶᠢᠨ ᠦᠨᠳᠦᠰᠦᠨ ᠪᠠᠳᠤᠯᠠᠭ᠎ᠠ ᠮᠦᠨ᠃ ᠡᠯ᠎ᠠ ᠱᠠᠳᠤᠨ ᠤ ᠨᠠᠮ ᠤᠨ ᠬᠤᠷᠢᠶ᠎ᠠ ᠱᠠᠰᠢᠨ ᠰᠤᠷᠳᠠᠬᠤᠨ ᠤ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠤᠯᠤᠰ ᠲᠦᠷᠦ ᠶᠢᠨ ᠴᠢᠭᠯᠡᠯ ᠪᠠ ᠴᠢᠬᠤᠯᠠ ᠶᠡᠭᠡ ᠴᠢᠭᠯᠡᠯᠳᠡ ᠲᠦᠷᠦ ᠶᠢᠨ ᠪᠤᠳᠤᠯᠭ᠎ᠠ ᠶᠢ ᠰᠠᠶᠢᠳᠤᠷ ᠡᠵᠡᠮᠰᠢᠵᠤ᠂ ᠱᠠᠰᠢᠨ ᠰᠤᠷᠳᠠᠬᠤᠨ ᠤ ᠠᠵᠢᠯ ᠤᠨ ᠰᠠᠨᠠᠭᠠᠴᠢᠯᠠᠭᠠᠳᠦ ᠡᠷᠭᠡ ᠶᠢ ᠴᠢᠩᠭ᠎ᠠ ᠠᠳᠬᠤᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠤᠬᠠᠢ ᠶᠢᠨ ᠭᠠᠵᠠᠷ ᠤᠷᠤᠨ ᠤ ᠪᠠᠨ ᠱᠠᠰᠢᠨ ᠰᠤᠷᠳᠠᠬᠤᠨ ᠤ ᠠᠵᠢᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠱᠠᠰᠢᠨ ᠰᠤᠷᠳᠠᠬᠤᠨ ᠤ ᠠᠵᠢᠯ ᠲᠤᠮᠳᠠᠬᠢ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠤ᠂ ᠬᠢᠨᠠᠯᠳᠠ ᠲᠠᠯᠪᠢᠵᠤ ᠪᠠᠶᠢᠴᠠᠭᠠᠬᠤ ᠠᠵᠢᠯ ᠢ ᠴᠢᠩᠭᠠᠳᠬᠠᠨ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠱᠠᠰᠢᠨ ᠰᠤᠷᠳᠠᠬᠤᠨ ᠤ ᠠᠵᠢᠯ ᠤᠨ ᠲᠤᠬᠠᠢ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠮᠠᠷᠺᠰ ᠤᠨ ᠦᠵᠡᠯ ᠤᠨ ᠱᠠᠰᠢᠨ ᠰᠤᠷᠳᠠᠬᠤᠨ ᠤ ᠦᠵᠡᠯᠳᠡ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠳᠠᠬᠤᠨ ᠤ ᠤᠨᠤᠯ ᠪᠠ ᠨᠠᠮ ᠤᠨ ᠱᠠᠰᠢᠨ ᠰᠤᠷᠳᠠᠬᠤᠨ ᠤ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠢ ᠰᠤᠷᠤᠯᠴᠠᠯᠭ᠎ᠠ ᠶᠢ ᠴᠢᠩᠭᠠᠳᠬᠠᠵᠤ᠂ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠭᠦ ᠴᠢᠳᠠᠪᠤᠷᠢ ᠪᠠᠨ ᠦᠨᠡᠨᠭᠦ ᠲᠡᠭᠡᠭᠰᠢᠯᠡᠭᠦᠯᠭᠦ ᠬᠡᠷᠡᠭᠳᠡᠢ᠃ ᠱᠠᠰᠢᠨ ᠰᠤᠷᠳᠠᠬᠤᠨ ᠤ ᠠᠵᠢᠯ ᠤᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠤ᠂ ᠨᠢᠭᠡᠳᠦᠮᠡᠯ ᠹᠷᠤᠨᠲ ᠤᠨ ᠬᠡᠯᠳᠡᠰ ᠲᠦᠷᠦᠬᠦᠯᠠᠨ ᠵᠤᠬᠢᠴᠠᠭᠤᠯᠵᠤ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠴᠤᠭᠭᠠᠷ ᠠᠳᠬᠤᠨ ᠬᠠᠮᠳᠤ ᠳᠤᠨᠢ ᠬᠠᠮᠢᠶᠠᠷᠬᠤ ᠪᠠᠶᠢᠳᠠᠯ ᠢ ᠪᠤᠢ ᠪᠤᠯᠭᠠᠬᠤ ᠬᠡᠷᠡᠭᠳᠡᠢ᠃ ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠬᠤ ᠠᠵᠢᠯ ᠢ ᠰᠠᠶᠢᠳᠤᠷ ᠬᠢᠵᠤ᠂ ᠡᠯ᠎ᠠ ᠱᠠᠰᠢᠨ ᠰᠤᠷᠳᠠᠬᠤᠨ ᠤ ᠬᠢᠨ ᠢ ᠢᠳᠡᠪᠬᠢᠳᠠᠢ ᠲᠠᠶᠢᠴᠢᠯᠠᠨ ᠲᠠᠭᠠᠭᠤᠯᠵᠤ ᠨᠡᠶᠢᠭᠡᠮ ᠲᠠᠢ ᠵᠤᠬᠢᠴᠠᠯᠳᠤᠨ᠂ ᠨᠡᠶᠢᠭᠡᠮ ᠳᠤ ᠦᠢᠯᠡᠴᠢᠯᠡᠨ᠂ ᠨᠡᠶᠢᠭᠡᠮ ᠤᠨ ᠬᠠᠷᠢᠭᠤᠴᠠᠯᠭ᠎ᠠ ᠶᠢ ᠬᠦᠢᠴᠡᠳᠭᠡᠭᠦ ᠶᠢ ᠢᠳᠡᠪᠬᠢᠳᠡᠢ ᠵᠢᠯᠤᠭᠤᠳᠴᠤ᠂ ᠱᠠᠰᠢᠨ ᠰᠤᠷᠳᠠᠬᠤᠨ ᠤ ᠬᠠᠷᠢᠴᠠᠭ᠎ᠠ ᠶᠢᠨ ᠡᠶ᠎ᠡ ᠵᠤᠬᠢᠴᠠᠯ ᠢ ᠠᠬᠢᠭᠤᠯᠬᠤ ᠬᠡᠷᠡᠭᠳᠡᠢ᠃ ᠡᠭᠦᠷᠬᠡ ᠴᠢᠳᠠᠪᠬᠢ ᠪᠠᠶᠢᠷᠢ ᠲᠤᠬᠳᠠᠭᠠᠯᠳᠠ ᠪᠠᠨ ᠲᠤᠳᠤᠷᠬᠠᠢᠢᠯᠠᠨ᠂ ᠱᠠᠰᠢᠨ ᠰᠤᠷᠳᠠᠬᠤᠨ ᠤ ᠪᠠᠭ ᠤᠨ ᠲᠤᠰ ᠪᠡᠶ᠎ᠠ ᠶᠢᠨ ᠪᠠᠶᠢᠭᠤᠯᠤᠯᠳᠠ ᠪᠠ ᠴᠢᠳᠠᠪᠦᠷᠢᠳᠠᠨ ᠢ ᠬᠦᠮᠦᠵᠢᠭᠦᠯᠭᠦ ᠶᠢ ᠲᠡᠮᠵᠢᠭᠦ ᠬᠡᠷᠡᠭᠳᠡᠢ᠃ ᠱᠠᠰᠢᠨ ᠰᠤᠷᠳᠠᠬᠤᠨ ᠤ ᠪᠠᠭ ᠨᠠᠮ ᠪᠠ ᠵᠠᠰᠠᠭ ᠤᠨ ᠤᠷᠳᠤᠨ ᠤ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠦᠯᠢᠶᠡᠵᠤ᠂ ᠬᠠᠤᠯᠢ ᠪᠠ ᠲᠦᠷᠢᠮ ᠲᠤᠬᠳᠠᠭᠠᠯ ᠶᠤᠰᠤᠭᠠᠷ ᠠᠵᠢᠯ ᠦᠷᠨᠢᠭᠦᠯᠵᠤ᠂ ᠱᠠᠰᠢᠨ ᠰᠤᠷᠳᠠᠬᠤᠨ ᠤ ᠠᠵᠢᠯᠳᠠᠳ ᠪᠠ ᠱᠠᠰᠢᠨ ᠰᠢᠳᠦᠳᠡᠭ ᠤᠯᠠᠨ ᠲᠦᠮᠡᠨ ᠲᠠᠢ ᠬᠠᠷᠢᠯᠴᠠᠬᠤ ᠦᠢᠯᠡᠴᠢᠯᠡᠭᠦ ᠴᠢᠳᠠᠪᠤᠷᠢ ᠪᠠ ᠲᠦᠪᠰᠢᠨ ᠢᠶᠠᠨ ᠴᠢᠷᠮᠠᠶᠢᠨ ᠲᠡᠭᠡᠭᠰᠢᠯᠡᠭᠦᠯᠵᠤ᠂ ᠱᠠᠰᠢᠨ ᠰᠢᠳᠦᠳᠡᠭ ᠤᠯᠠᠨ ᠲᠦᠮᠡᠨ ᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠶᠢ ᠢᠳᠡᠪᠬᠢᠳᠡᠢ ᠲᠠᠭᠠᠭᠤᠯᠤᠨ ᠵᠢᠯᠤᠭᠤᠳᠴᠤ᠂ ᠡᠳ᠋ ᠤᠨ ᠵᠠᠰᠠᠭ ᠤᠨ ᠬᠦᠭᠵᠢᠯᠳᠡ᠂ ᠨᠡᠶᠢᠭᠡᠮ ᠤᠨ ᠲᠤᠬᠳᠠᠭᠤᠨ᠂ ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠶᠤᠯᠬᠦᠢ ᠲᠤᠬᠳᠠᠭᠤᠨ ᠪᠠᠶᠢᠳᠠᠯ ᠳᠤ ᠬᠦᠴᠦᠨ ᠴᠢᠳᠠᠯ ᠡᠷᠭᠦᠭᠦ ᠬᠡᠷᠡᠭᠳᠡᠢ᠃ ᠦᠢᠯᠡᠴᠢᠯᠡᠭᠡᠨ ᠤ ᠬᠡᠯᠪᠡᠷᠢ ᠶᠢᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠱᠠᠰᠢᠨ ᠰᠤᠷᠳᠠᠬᠤᠨ ᠤ ᠠᠵᠢᠯ ᠤᠨ ᠲᠤᠤᠷ ᠢ ᠪᠠᠶᠢᠭᠤᠯᠤᠨ᠂ ᠱᠠᠰᠢᠨ ᠰᠤᠷᠳᠠᠬᠤᠨ ᠤ ᠠᠵᠢᠯ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠭᠦ ᠬᠡᠷᠡᠭᠳᠡᠢ᠃ ᠱᠠᠰᠢᠨ ᠰᠤᠷᠳᠠᠬᠤᠨ ᠤ ᠠᠵᠢᠯ ᠤᠨ ᠺᠠᠳ᠋ᠷᠴᠤᠳ ᠡᠷᠬᠡᠪᠰᠢ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠵᠤ᠂ ᠨᠠᠮ ᠪᠠ ᠠᠷᠠᠳ ᠲᠦᠮᠡᠨ ᠢ ᠢᠮᠠᠬᠳᠠ ᠲᠡᠷᠢᠭᠦᠨ ᠪᠠᠶᠢᠷᠢᠨ ᠳᠤ ᠲᠠᠯᠪᠢᠨ᠂ ᠪᠦᠬᠦ ᠰᠡᠳᠬᠢᠯ ᠪᠦᠬᠦ ᠵᠤᠷᠢᠭ ᠢᠶᠠᠷ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠵᠤ᠂ ᠱᠠᠰᠢᠨ ᠰᠤᠷᠳᠠᠬᠤᠨ ᠤ ᠬᠢᠨ ᠪᠠ ᠦᠷᠭᠡᠨ ᠤᠯᠠᠨ ᠱᠠᠰᠢᠨ ᠰᠢᠳᠦᠯᠭᠡ ᠲᠠᠢ ᠤᠯᠠᠨ ᠲᠦᠮᠡᠨ ᠢ ᠨᠠᠮ ᠪᠠ ᠵᠠᠰᠠᠭ ᠤᠨ ᠤᠷᠳᠤᠨ ᠤ ᠲᠤᠭᠤᠷᠢᠨ ᠳᠤ ᠨᠢᠬᠳᠠᠷᠠᠭᠤᠯᠤᠨ ᠪᠦᠯᠬᠦᠮᠳᠡᠭᠦᠯᠭᠦ ᠬᠡᠷᠡᠭᠳᠡᠢ ᠬᠡᠵᠡᠢ᠃

    ᠪᠦ᠋ ᠰᠢᠶᠤᠤ ᠯᠢᠨ ᠬᠤᠷᠠᠯ ᠡᠷᠬᠢᠯᠡᠭᠦ ᠳᠡᠭᠡᠨ ᠱᠠᠭᠠᠷᠳᠠᠬᠰᠠᠨ ᠨᠢ᠂ ᠤᠯᠤᠰ ᠲᠦᠷᠦ᠂ ᠪᠠᠶᠢᠯᠳᠤᠬᠤ ᠪᠤᠳᠤᠯᠭ᠎ᠠ ᠵᠢᠴᠢ ᠪᠦᠬᠦ ᠲᠠᠯ᠎ᠠ ᠶᠢᠨ ᠦᠨᠳᠦᠷᠴᠡ ᠠᠴᠠ᠂ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠭᠦ ᠤᠨᠴᠠᠭᠠᠢ ᠴᠢᠬᠤᠯᠠ ᠴᠢᠨᠠᠷ ᠢ ᠬᠦᠨᠵᠡᠭᠡᠢ ᠲᠠᠨᠢᠵᠤ᠂ ᠱᠠᠰᠢᠨ ᠰᠤᠷᠳᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠠ ᠪᠠᠶᠢᠳᠠᠯ ᠰᠢᠨ᠎ᠠ ᠤᠨᠴᠠᠯᠢᠭ ᠢ ᠵᠦᠪ ᠤᠨᠤᠪᠴᠢᠳᠠᠢ ᠡᠵᠡᠮᠰᠢᠵᠤ᠂ ᠱᠠᠰᠢᠨ ᠰᠤᠷᠳᠠᠬᠤᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠦᠨᠳᠦᠰᠦᠨ ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠠ ᠶᠢ ᠡᠵᠡᠮᠰᠢᠵᠤ᠂ ᠰᠢᠨ᠎ᠡ ᠪᠠᠶᠢᠳᠠᠯ ᠲᠤᠤᠷᠡᠬᠢ ᠱᠠᠰᠢᠨ ᠰᠤᠷᠳᠠᠬᠤᠨ ᠤ ᠠᠵᠢᠯ ᠢ ᠨᠡᠩ ᠢᠳᠡᠪᠬᠢᠳᠡᠢ ᠰᠠᠨᠠᠭᠠᠴᠢᠯᠠᠭ᠎ᠠ ᠲᠠᠢ ᠰᠠᠶᠢᠳᠤᠷ ᠬᠢᠭᠦ ᠬᠡᠷᠡᠭᠳᠡᠢ᠃ ᠨᠠᠮ ᠤᠨ ᠱᠠᠰᠢᠨ ᠰᠤᠷᠳᠠᠬᠤᠨ ᠤ ᠦᠨᠳᠦᠰᠦᠨ ᠴᠢᠭᠯᠡᠯᠳᠡ ᠶᠢ ᠭᠤᠶᠢᠪᠢᠰᠢ ᠦᠭᠡᠢ ᠲᠤᠤᠱᠯᠠᠭᠤᠯᠤᠨ᠂ ᠱᠠᠰᠢᠨ ᠰᠤᠷᠳᠠᠬᠤᠨ ᠤ ᠲᠤᠮᠳᠠᠳᠤ ᠤᠯᠤᠰᠴᠢᠯᠠᠬᠤ ᠴᠢᠭᠯᠡᠯ ᠢ ᠪᠠᠷᠢᠮᠳᠠᠯᠠᠵᠤ᠂ ᠱᠠᠰᠢᠨ ᠰᠤᠷᠳᠠᠬᠤᠨ ᠤ ᠠᠵᠢᠯ ᠤᠨ ᠰᠠᠨᠠᠭᠠᠴᠢᠯᠠᠭᠠᠳᠦ ᠡᠷᠭᠡ ᠶᠢ ᠪᠠᠳᠤ ᠡᠵᠡᠮᠰᠢᠭᠦ ᠬᠡᠷᠡᠭᠳᠡᠢ᠃ ᠱᠠᠰᠢᠨ ᠰᠤᠷᠳᠠᠬᠤᠨ ᠤ ᠬᠦᠷᠢᠶ᠎ᠠ ᠴᠠᠷᠠᠭ᠎ᠠ ᠳᠤ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠱᠠᠰᠢᠨ ᠰᠤᠷᠳᠠᠬᠤᠨ ᠤ ᠬᠦᠷᠢᠶ᠎ᠠ ᠴᠠᠷᠠᠭ᠎ᠠ ᠶᠢᠨ ᠡᠶ᠎ᠡ ᠵᠤᠬᠢᠴᠠᠩᠭᠤᠢ ᠲᠤᠬᠳᠠᠭᠤᠨ ᠢ ᠦᠨᠡᠨᠭᠦ ᠬᠠᠮᠠᠭᠠᠯᠠᠨ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ《ᠲᠦᠷᠪᠡᠨ ᠤᠬᠠᠮᠰᠠᠷ》᠂ ᠤᠨᠴᠠᠭᠠᠢᠢᠯᠠᠨ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠳᠬᠠᠵᠤ᠂ ᠱᠠᠰᠢᠨ ᠰᠤᠷᠳᠠᠬᠤᠨ ᠤ ᠠᠵᠢᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠬᠦᠢᠴᠡᠳᠭᠡᠨ᠂ ᠱᠠᠰᠢᠨ ᠰᠤᠷᠳᠠᠬᠤᠨ ᠤ ᠠᠰᠠᠭᠤᠳᠠᠯ ᠢ ᠰᠢᠢᠳᠪᠦᠷᠢᠯᠡᠭᠦ ᠴᠢᠳᠠᠪᠤᠷᠢ ᠪᠠᠨ ᠲᠡᠭᠡᠭᠰᠢᠯᠡᠭᠦᠯᠵᠤ᠂ ᠤᠯᠤᠰ ᠲᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ᠲᠤᠰ ᠤᠳᠠᠭᠠᠨ ᠤ ᠬᠤᠷᠠᠯ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠭᠤᠶᠢᠪᠢᠰᠢ ᠦᠭᠡᠢ ᠨᠡᠶᠢᠳᠡᠪᠦᠷᠢᠵᠢᠭᠤᠯᠵᠤ᠂ ᠤᠷᠤᠨ ᠲᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠵᠡᠢ᠃

    ᠬᠦᠬᠡᠬᠤᠳᠠ ᠶᠢᠨ ᠨᠠᠮ ᠤᠨ ᠬᠤᠷᠢᠶ᠎ᠠ᠂ ᠪᠤᠭᠤᠳᠤ ᠬᠤᠳᠠ ᠶᠢᠨ ᠨᠠᠮ ᠤᠨ ᠬᠤᠷᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶ᠎ᠠ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠶᠡᠭᠡ ᠲᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠦᠪᠡᠷᠳᠡᠭᠡᠨ ᠵᠠᠰᠬᠠᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠬᠠᠷᠢᠭᠤᠴᠠᠯᠭᠠᠳᠠᠨ ᠲᠤᠰ ᠲᠤᠰ ᠦᠭᠡ ᠬᠡᠯᠡᠪᠡ᠃ ᠡᠯ᠎ᠠ ᠠᠶᠢᠮᠠᠭ ᠬᠤᠳᠠ ᠵᠢᠴᠢ ᠮᠠᠨᠵᠤᠤᠷ᠂ ᠡᠷᠢᠶᠡᠨ ᠬᠤᠳᠠ ᠶᠢᠨ ᠨᠠᠮ ᠵᠠᠰᠠᠭ ᠤᠨ ᠬᠤᠪᠢᠳᠡᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠱᠠᠰᠢᠨ ᠰᠤᠷᠳᠠᠬᠤᠨ ᠤ ᠶᠠᠪᠤᠳᠠᠯ ᠤᠨ ᠲᠤᠪᠴᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠢᠭᠡᠴᠡ᠂ ᠦᠪᠡᠷᠳᠡᠭᠡᠨ ᠵᠠᠰᠬᠠᠤ ᠤᠷᠤᠨ ᠤ ᠶᠡᠭᠡ ᠲᠡᠭᠡᠳᠦ ᠰᠤᠷᠭᠠᠭᠤᠯᠢ ᠪᠠ ᠭᠤᠤᠯᠳᠠᠯᠭ᠎ᠠ ᠲᠠᠢ ᠠᠵᠤ ᠠᠬᠤᠢᠢᠯᠠᠯ ᠤᠨ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120159446