蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠤ ᠯᠢ ᠵᠢᠢ ᠾᠧᠩ ᠴᠢᠬᠤᠯᠠ ᠶᠠᠷᠢᠶ᠎ᠠ ᠲᠠᠯᠪᠢᠪᠠ

2016-12-21 12:21

    12 ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠡ᠃

    ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠤᠯᠡᠮ ᠴᠢᠩᠭ᠎ᠠ ᠨᠢᠭᠳᠠᠷᠠᠨ ᠪᠦᠯᠬᠦᠮᠳᠠᠵᠤ᠂ ᠦᠵᠡᠯ ᠰᠠᠨᠠᠭ᠎ᠠ ᠪᠠᠨ ᠴᠢᠨᠠᠭᠰᠢᠳᠠ ᠴᠢᠯᠦᠭᠡᠯᠡᠨ᠂ ᠳᠤᠷᠰᠢᠯᠭ᠎ᠠ ᠪᠠᠨ ᠳ᠋ᠦᠩᠨᠠᠨ᠂ ᠢᠳᠡᠭᠡᠯ ᠢᠶᠠᠨ ᠪᠠᠳᠤᠳᠬᠠᠵᠤ᠂ ᠡᠷᠴᠢ ᠵᠤᠷᠢᠭ ᠢᠶᠠᠨ ᠬᠦᠪᠴᠢᠯᠡᠨ᠂ ᠴᠤᠴᠠᠯᠳᠠ ᠦᠭᠡᠢ ᠤᠷᠤᠭᠰᠢᠯᠠᠵᠤ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠳᠦᠯᠬᠢᠨ ᠠᠭᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠰᠢᠢᠳᠪᠦᠷᠢᠳᠤ ᠳᠠᠶᠢᠯᠠᠯᠳᠤᠭᠠᠨ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ ᠰᠢᠨ᠎ᠠ ᠨᠡᠩ ᠶᠡᠭᠡ ᠵᠢᠳᠭᠦᠯ ᠭᠠᠷᠭᠠᠬᠤ ᠬᠡᠷᠡᠭᠳᠠᠢ ᠭᠡᠵᠦ ᠴᠢᠬᠤᠯᠠᠴᠢᠯᠠᠪᠠ᠃ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠳᠡ ᠶᠢᠨ ᠡᠮᠦᠨᠡᠬᠢ ᠪᠦᠭᠦᠳᠠ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠳᠠᠯᠪᠢᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠳ᠋ᠦᠩᠨᠡᠯᠳᠡ ᠶᠢᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ ᠦᠳᠡ ᠶᠢᠨ ᠬᠤᠶᠢᠨᠡᠬᠢ ᠬᠤᠷᠠᠯ ᠢ ᠡᠷᠬᠢᠯᠡᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠤᠨᠬᠤ ᠨᠦᠬᠦᠳ ᠬᠤᠷᠠᠯ ᠳᠤ ᠤᠷᠤᠯᠴᠠᠵᠠᠢ᠃

    ᠯᠢ ᠵᠢᠢ ᠾᠧᠩ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠢᠭᠡᠨ ᠴᠤᠪᠤᠷᠠᠯ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠤᠭᠳᠠᠭᠠᠨ᠂ ᠮᠠᠨ ᠤ ᠨᠠᠮ ᠤᠨ ᠦᠨᠳᠦᠰᠦᠨ ᠡᠳ᠋ ᠤᠨ ᠵᠠᠰᠠᠭ ᠤᠨ ᠲᠦᠷᠢᠮ ᠢ ᠪᠠᠷᠢᠮᠳᠠᠯᠠᠬᠤ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢ ᠵᠤᠷᠢᠭᠵᠢᠭᠤᠯᠤᠨ ᠳᠡᠮᠵᠢᠭᠦ ᠦᠵᠡᠯᠳᠡ ᠳᠤᠳᠤᠷᠬᠠᠢ ᠪᠦᠭᠡᠳ ᠢᠮᠠᠭᠳᠠ ᠶᠢᠨ ᠪᠠᠶᠢᠳᠠᠭ ᠢ ᠬᠦᠢᠴᠡᠳ ᠢᠯᠡᠷᠭᠡᠶᠢᠯᠡᠭᠰᠡᠨ ᠪᠦᠭᠡᠳ ᠳᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠭᠤᠶᠢᠪᠢᠰᠢ ᠦᠭᠡᠢ ᠪᠠᠷᠢᠮᠳᠠᠯᠠᠭᠰᠠᠭᠠᠷ ᠢᠷᠡᠵᠡᠢ᠃ ᠪᠢᠳᠡ ᠲᠦᠪ ᠤᠨ ᠵᠤᠷᠢᠭ ᠰᠠᠨᠠᠭ᠎ᠠ ᠶᠢ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠬᠦᠨᠵᠡᠭᠡᠢ ᠤᠢᠢᠯᠠᠭᠠᠵᠤ᠂ ᠳᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠤᠳᠠᠳᠠᠢ ᠲᠠᠢ ᠪᠠᠨ ᠨᠢᠬᠳᠠ ᠤᠶᠠᠯᠳᠤᠭᠤᠯᠬᠤ ᠬᠡᠷᠡᠭᠳᠡᠢ ᠬᠡᠵᠡᠢ᠃

    ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠳᠡᠮᠡᠴᠡᠭᠦ ᠬᠠᠷᠠᠯᠳᠠ ᠶᠢ ᠪᠡᠶᠡᠯᠡᠭᠦᠯᠭᠦ ᠳᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠨᠢ ᠡᠷᠬᠡᠪᠰᠢ ᠲᠤᠯᠭᠠᠭᠤᠷᠢ ᠪᠤᠯᠵᠤ ᠬᠦᠨᠳᠦ ᠳᠠᠷᠤᠭᠠᠰᠤ ᠶᠢ ᠡᠬᠦᠷᠭᠡᠯᠡᠨ ᠵᠢᠳᠭᠦᠯ ᠭᠠᠷᠭᠠᠬᠤ ᠬᠡᠷᠡᠭᠳᠠᠢ᠃ ᠤᠢᠢᠷ᠎ᠠ ᠶᠢᠨ ᠵᠢᠯ ᠤᠨ ᠳᠤᠷᠰᠢ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠷᠳᠤ ᠬᠤᠭᠤᠴᠠᠭᠠᠨ ᠤ ᠭᠦᠭᠵᠢᠯᠳᠡ ᠲᠠᠢ ᠪᠤᠯᠤᠭᠰᠠᠨ ᠪᠤᠯᠪᠠᠴᠦ ᠤᠯᠤᠰ ᠲᠠᠶᠠᠭᠠᠷ ᠵᠢᠴᠢ ᠬᠦᠭᠵᠢᠭᠰᠡᠨ ᠮᠤᠵᠢ ᠤᠷᠤᠨ ᠲᠠᠢ ᠠᠳᠠᠯᠢᠳᠬᠠᠪᠠᠯ ᠪᠠᠰᠠ ᠨᠡᠯᠢᠶᠡᠳ ᠶᠡᠭᠡ ᠵᠦᠷᠢᠶ᠎ᠠ ᠲᠠᠢ ᠪᠠᠶᠢᠬᠰᠠᠭᠠᠷ᠃ ᠵᠤᠬᠢᠬᠤ ᠤᠤᠠᠬ᠎ᠠ ᠠᠭᠤᠯᠭ᠎ᠠ ᠠᠴᠠ ᠬᠡᠯᠡᠪᠡᠯ᠂ ᠦᠪᠦᠷ ᠮᠤᠩᠭᠤᠯ ᠤᠨ ᠡᠳ᠋ ᠤᠨ ᠵᠠᠰᠠᠭ ᠤᠨ ᠬᠦᠭᠵᠢᠯᠳᠡ ᠶᠢᠨ ᠢᠷᠡᠭᠡᠳᠦᠢ ᠠᠷᠠᠳ ᠤᠨ ᠳᠤᠮᠳᠠ ᠪᠤᠢ᠂ ᠠᠮᠢᠵᠢᠷᠠᠯ ᠤᠨ ᠬᠦᠴᠤᠨ ᠠᠷᠠᠳ ᠠᠴᠠ ᠡᠷᠭᠢᠯᠡᠭᠦ ᠳᠤ ᠪᠤᠢ᠂ ᠬᠦᠳᠡᠯᠭᠡᠭᠴᠢ ᠬᠦᠴᠦᠨ ᠠᠷᠠᠳ ᠤᠨ ᠪᠡᠯᠠ ᠮᠦᠡᠭᠭᠦ ᠳᠤ ᠪᠤᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠬᠳᠠᠭᠠᠭᠰᠠᠨ ᠠᠤᠭ᠎ᠠ ᠬᠠᠷᠠᠯᠳᠠ ᠶᠢ ᠪᠡᠶᠡᠯᠡᠭᠦᠯᠬᠦ ᠳᠤ ᠡᠷᠬᠡᠪᠰᠢ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠢ ᠴᠢᠯᠦᠭᠡᠳᠠᠢ ᠬᠦᠭᠵᠢᠭᠦᠯᠬᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠴᠢᠬᠤᠯᠠ ᠶᠡᠭᠡ ᠠᠷᠭ᠎ᠠ ᠭᠡᠮᠵᠢᠶ᠎ᠠ ᠨᠢ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠢ ᠬᠦᠭᠵᠢᠭᠦᠯᠬᠦ ᠳᠤ ᠦᠷᠭᠡᠨ ᠠᠭᠤᠳᠠᠮ ᠭᠦᠭᠵᠢᠯᠳᠡ ᠶᠢᠨ ᠤᠷᠤᠨ ᠵᠠᠢ ᠬᠠᠩᠭᠠᠨ ᠦᠭᠴᠦ᠂ ᠠᠵᠠ ᠳᠤᠬᠢᠶᠠᠯ ᠬᠠᠩᠭᠠᠵᠤ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢᠨ ᠰᠠᠷᠠᠭᠤᠯ ᠢᠷᠡᠭᠡᠳᠦᠢ ᠶᠢ ᠪᠤᠢ ᠪᠤᠯᠭᠠᠵᠠᠢ᠃ ᠤᠷᠤᠨ ᠲᠠᠶᠠᠭᠠᠷ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠯ᠎ᠡ ᠪᠠᠶᠢᠭᠤᠯᠤᠯᠭ᠎ᠠ ᠨᠢᠭᠡᠴᠡ ᠡᠷᠭᠡᠪᠰᠢ ᠪᠠᠶᠢᠯᠳᠤᠬᠤ ᠪᠤᠳᠤᠯᠭ᠎ᠠ ᠪᠠ ᠪᠦᠬᠦ ᠳᠠᠯ᠎ᠠ ᠶᠢᠨ ᠦᠨᠳᠦᠷᠴᠡ ᠠᠴᠠ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠢ ᠲᠦᠷᠭᠡᠳᠭᠡᠨ ᠬᠦᠭᠵᠢᠭᠦᠯᠬᠦ ᠶᠢᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠳᠠᠨᠢᠵᠤ᠂ ᠤᠬᠠᠮᠰᠠᠷ ᠠᠴᠠ ᠪᠠᠨ ᠴᠠᠭ ᠦᠶ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢᠨ ᠴᠣ᠋ ᠰᠢᠨ᠎ᠠ ᠪᠠᠶᠢᠳᠠᠯ ᠢ ᠴᠢᠷᠮᠠᠶᠢᠨ ᠨᠡᠭᠡᠭᠡᠭᠦ ᠬᠡᠷᠡᠭᠳᠠᠢ ᠬᠡᠵᠠᠢ᠃

    ᠯᠢ ᠵᠢᠢ ᠾᠧᠩ᠂ ᠬᠦᠭᠵᠢᠯᠳᠡ ᠶᠢᠨ ᠰᠢᠨ᠎ᠠ ᠤᠢᠢᠯᠠᠭᠠᠭᠳᠠᠬᠤᠨ ᠢᠶᠠᠷ ᠵᠢᠯᠤᠭᠤᠳᠤᠯᠭ᠎ᠠ ᠪᠤᠯᠭᠠᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢᠨ ᠬᠠᠷᠠᠯᠳᠠ ᠪᠤᠯᠤᠨ ᠰᠡᠳᠬᠢᠴᠡ ᠶᠢ ᠴᠢᠨᠠᠭᠰᠢᠳᠠ ᠳᠤᠳᠤᠷᠬᠠᠢᠢᠯᠠᠬᠤ ᠬᠡᠷᠡᠭᠳᠠᠢ᠃ ᠬᠤᠶᠢᠰᠢᠳᠠ ᠶᠢᠨ 5 ᠵᠢᠯ ᠳᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢᠨ ᠭᠤᠤᠯ ᠡᠭᠦᠷᠭᠡ ᠪᠤᠯ ᠬᠦᠭᠵᠢᠯᠳᠡ ᠶᠢ ᠲᠦᠷᠭᠡᠳᠭᠡᠵᠤ᠂ ᠡᠵᠡᠯᠡᠭᠦ ᠬᠠᠷᠢᠴᠠᠯ ᠢ ᠳᠡᠭᠡᠭᠰᠢᠯᠡᠭᠦᠯᠵᠤ᠂ ᠬᠢᠷᠢ ᠲᠦᠪᠰᠢᠨ ᠢᠶᠠᠨ ᠵᠡᠷᠬᠡᠯᠡᠯ ᠳᠡᠪᠰᠢᠭᠦᠯᠭᠦ ᠶᠢ ᠠᠬᠢᠭᠤᠯᠬᠤ ᠬᠡᠷᠡᠭᠳᠠᠢ᠃ ᠳᠡᠭᠡᠷ᠎ᠠ ᠳᠤᠷᠠᠳᠤᠭᠰᠠᠨ ᠬᠠᠷᠠᠯᠳᠠ ᠶᠢ ᠪᠡᠶᠡᠯᠡᠭᠦᠯᠬᠦ ᠳᠤ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠡᠷᠬᠡᠪᠰᠢ ᠪᠠᠳᠤ ᠪᠠᠬᠢ ᠱᠤᠭᠤᠬᠤ ᠪᠠ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠵᠤᠬᠢᠴᠠᠬᠤ ᠶᠢ ᠬᠦᠳᠦᠯᠦᠨ ᠵᠢᠯᠤᠭᠤᠳᠴᠦ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠠᠮᠢᠵᠢᠷᠠᠯ ᠤᠨ ᠬᠦᠴᠦᠨ ᠪᠤᠯᠤᠨ ᠰᠢᠨ᠎ᠠ ᠡᠭᠦᠳᠦᠯᠳᠡ ᠶᠢᠨ ᠬᠦᠴᠦᠨ ᠢ ᠬᠦᠢᠴᠡᠳ ᠪᠠᠳᠠᠷᠠᠭᠤᠯᠵᠤ᠂ ᠡᠳ᠋ ᠤᠨ ᠵᠠᠰᠠᠭ ᠤᠨ ᠶᠡᠷᠦᠩᠬᠡᠢ ᠬᠡᠮᠵᠢᠶ᠎ᠠ ᠶᠢ ᠦᠷᠭᠡᠳᠭᠡᠭᠦ᠂ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠬᠦᠭᠵᠢᠯᠳᠡ ᠶᠢᠨ ᠳᠡᠰ ᠳᠠᠪᠬᠤᠷᠭ᠎ᠠ ᠶᠢ ᠵᠡᠷᠬᠡᠯᠡᠯ ᠳᠡᠪᠰᠢᠭᠦᠯᠬᠦ᠂ ᠦᠷᠢᠰᠦᠳᠦᠯᠭᠡᠨ ᠤ ᠳᠠᠪᠠᠭᠤᠯᠢᠭ ᠢ ᠪᠤᠢ ᠪᠤᠯᠭᠠᠨ ᠰᠢᠨ᠎ᠠ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ ᠬᠡᠷᠡᠭᠳᠠᠢ᠃ ᠵᠠᠰᠠᠭ ᠤᠨ ᠤᠷᠳᠤᠨ ᠤ ᠳᠡᠮᠵᠢᠯᠭᠡ ᠬᠢᠭᠡᠳ ᠵᠠᠬ᠎ᠠ ᠵᠡᠬᠡᠯᠢ ᠶᠢᠨ ᠬᠦᠳᠦᠯᠦᠨ ᠵᠢᠯᠤᠭᠤᠳᠬᠤ ᠬᠠᠷᠢᠴᠠᠭ᠎ᠠ᠂ ᠳᠤᠮᠤ ᠠᠵᠤ ᠠᠬᠤᠢᠢᠯᠠᠯ ᠤᠨ ᠳᠤᠯᠭᠠᠭᠤᠷᠢᠯᠠᠯ ᠬᠢᠭᠡᠳ ᠵᠢᠵᠢᠭ᠌ ᠠᠵᠤ ᠠᠬᠤᠢᠢᠯᠠᠯ ᠢ ᠪᠦᠷᠭᠦᠭᠦᠯᠬᠦ ᠬᠠᠷᠢᠴᠠᠭ᠎ᠠ᠂ ᠤᠷᠤᠨ ᠨᠤᠳᠤᠭ ᠤᠨ ᠠᠵᠤ ᠠᠬᠤᠢᠢᠯᠠᠯ ᠬᠢᠭᠡᠳ ᠭᠠᠳᠠᠨ᠎ᠠ ᠠᠴᠠ ᠤᠷᠤᠵᠤ ᠢᠷᠡᠭᠦ ᠠᠵᠤ ᠠᠬᠤᠢᠢᠯᠠᠯ ᠤᠨ ᠬᠠᠷᠢᠴᠠᠭ᠎ᠠ᠂ ᠬᠦᠭᠵᠢᠯᠳᠡ ᠶᠢ ᠲᠦᠷᠭᠡᠳᠭᠡᠭᠦ ᠬᠢᠭᠡᠳ ᠤᠷᠴᠢᠨ ᠳᠤᠭᠤᠷᠢᠨ ᠢ ᠬᠠᠮᠠᠭᠠᠯᠠᠬᠤ ᠬᠠᠷᠢᠴᠠᠭ᠎ᠠ ᠶᠢ ᠡᠷᠬᠡᠪᠰᠢ ᠵᠦᠪ ᠢᠶᠠᠷ ᠰᠠᠶᠢᠳᠤᠷ ᠰᠢᠢᠳᠪᠦᠷᠢᠯᠡᠭᠦ ᠬᠡᠷᠡᠭᠳᠠᠢ ᠭᠡᠵᠠᠢ᠃

    ᠯᠢ ᠵᠢᠢ ᠾᠧᠩ᠂ ᠤᠷᠳᠤ ᠬᠤᠭᠤᠴᠠᠭᠠᠨ ᠤ ᠲᠦᠯᠦᠪᠵᠢᠭᠦᠯᠭᠡ ᠬᠢᠭᠡᠳ ᠦᠵᠦ ᠲᠦᠯᠦᠪᠯᠡᠭᠡ ᠶᠢ ᠰᠠᠶᠢᠳᠤᠷ ᠬᠢᠵᠤ᠂ ᠠᠵᠢᠯ ᠤᠨ ᠭᠤᠤᠯᠳᠠᠯᠭ᠎ᠠ ᠶᠢ ᠳᠤᠪᠤᠶᠢᠯᠭᠠᠨ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠶᠢᠨ ᠰᠢᠨ᠎ᠠ ᠳᠠᠪᠠᠯᠳᠠ ᠶᠢ ᠪᠡᠶᠡᠯᠡᠭᠦᠯᠬᠦ ᠶᠢ ᠳᠦᠯᠭᠢᠨ ᠠᠭᠢᠭᠤᠯᠬᠤ ᠬᠡᠷᠡᠭᠳᠠᠢ᠃ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠵᠠᠰᠠᠭ ᠢ ᠴᠤᠮᠬᠠᠳᠬᠠᠨ ᠡᠷᠭᠡ ᠶᠢ ᠲᠠᠯᠪᠢᠵᠤ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠳᠤᠮᠳᠠ ᠠᠭᠤᠯᠵᠤ ᠪᠦᠬᠦᠢ ᠠᠮᠢᠵᠢᠷᠠᠯ ᠤᠨ ᠬᠦᠴᠦᠨ ᠬᠢᠭᠡᠳ ᠪᠦᠳᠦᠭᠡᠯᠴᠢ ᠴᠢᠨᠠᠷ ᠢ ᠬᠦᠢᠴᠡᠳ ᠪᠠᠳᠠᠷᠠᠭᠤᠯᠬᠤ ᠬᠡᠷᠡᠭᠳᠠᠢ;ᠬᠦᠭᠵᠢᠯᠳᠡ ᠶᠢᠨ ᠳᠤᠮᠳᠠᠬᠢ ᠬᠦᠴᠢᠷᠳᠠᠯ ᠢ ᠨᠢ ᠬᠦᠴᠦᠯᠡᠨ ᠰᠢᠢᠳᠪᠦᠷᠢᠯᠡᠨ ᠦᠭᠴᠦ᠂ ᠠᠵᠤ ᠠᠬᠤᠢᠢᠯᠠᠯ ᠤᠨ ᠬᠦᠴᠢᠷᠳᠡᠯ ᠢᠶᠠᠨ ᠢᠯᠡᠨ ᠳᠠᠪᠠᠵᠤ ᠬᠦᠭᠵᠢᠨ ᠳᠤᠮᠤᠷᠠᠬᠤ ᠳᠤ ᠳᠤᠰᠠᠯᠠᠬᠤ ᠬᠡᠷᠡᠭᠳᠠᠢ;ᠵᠠᠭᠪᠤᠷ ᠢᠶᠡᠨ ᠦᠬᠡᠷᠡᠴᠢᠯᠡᠨ ᠵᠡᠷᠬᠡᠯᠡᠯ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠤᠷᠤᠨ ᠲᠠᠶᠠᠭᠠᠷ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠠᠭᠤᠰᠤᠯᠴᠠᠨ᠂ ᠳᠤᠮᠤ ᠠᠵᠤ ᠠᠬᠤᠢᠢᠯᠠᠯ ᠳᠤᠯᠭᠠᠭᠤᠷᠢᠯᠠᠬᠤ᠂ ᠵᠢᠵᠢᠭ᠌ ᠠᠵᠤ ᠠᠬᠤᠢᠢᠯᠠᠯ ᠢ ᠪᠦᠷᠭᠦᠭᠦᠯᠬᠦ ᠬᠦᠭᠵᠢᠯᠳᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠳᠠᠢ; ᠰᠢᠨ᠎ᠠ ᠶᠢ ᠡᠭᠦᠳᠭᠦ ᠬᠦᠭᠵᠢᠯᠳᠡ ᠶᠢ ᠬᠦᠴᠦᠯᠡᠨ ᠠᠬᠢᠭᠤᠯᠵᠤ᠂ ᠰᠢᠨᠵᠢᠯᠡᠭᠦ ᠤᠬᠠᠭᠠᠨ ᠲᠧᠭᠨᠤᠯᠤᠬᠢ ᠶᠢᠨ ᠰᠢᠨ᠎ᠠ ᠶᠢ ᠡᠭᠦᠳᠭᠦ ᠶᠢ ᠠᠬᠢᠭᠤᠯᠬᠤ ᠪᠠ ᠲᠦᠷᠢᠮ ᠤᠨ ᠰᠢᠨ᠎ᠠ ᠶᠢ ᠡᠭᠦᠳᠭᠦ ᠶᠢ ᠬᠠᠮᠳᠤ ᠳᠤᠨᠢ ᠠᠬᠢᠭᠤᠯᠬᠤ ᠬᠡᠷᠡᠭᠳᠠᠢ;ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠨᠡᠭᠡᠭᠡᠯᠳᠡ ᠬᠢᠭᠦ ᠶᠢ ᠦᠷᠭᠡᠳᠭᠡᠭᠦ ᠬᠡᠷᠡᠭᠳᠠᠢ;ᠰᠢᠨ᠎ᠠ ᠬᠡᠯᠪᠡᠷᠢ ᠶᠢᠨ ᠵᠠᠰᠠᠭ ᠤᠨ ᠤᠷᠳᠤᠨ ᠬᠢᠭᠡᠳ ᠠᠷᠠᠯᠵᠢᠶᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠢ ᠬᠦᠭᠵᠢᠭᠦᠯᠬᠦ ᠶᠢᠨ ᠡᠷᠡᠭᠦᠯ ᠤᠷᠴᠢᠨ ᠳᠤᠭᠤᠷᠢᠨ ᠢ ᠪᠤᠢ ᠪᠤᠯᠭᠠᠨ ᠦᠭᠭᠦ ᠬᠡᠷᠡᠭᠳᠠᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠬᠤᠪᠢ ᠶᠢᠨ ᠠᠵᠤ ᠠᠬᠤᠢᠢᠯᠠᠯᠳᠠᠨ ᠢ ᠬᠦᠮᠦᠵᠢᠭᠦᠯᠬᠦ ᠶᠢ ᠤᠷᠤᠨ ᠲᠠᠶᠠᠭᠠᠷ ᠤᠨ ᠴᠢᠳᠠᠪᠤᠷᠢᠳᠠᠨ ᠤ ᠭᠦᠭᠵᠢᠯᠳᠡ ᠶᠢᠨ ᠲᠦᠯᠦᠪᠵᠢᠭᠦᠯᠭᠡ ᠶᠢᠨ ᠴᠢᠬᠤᠯᠠ ᠠᠭᠤᠯᠭ᠎ᠠ ᠪᠤᠯᠭᠠᠨ᠂ ᠲᠦᠯᠦᠪᠯᠡᠭᠡ ᠲᠠᠢ ᠪᠠᠷ᠂ ᠠᠯᠬᠤᠮ ᠳᠠᠷᠠᠭ᠎ᠠ ᠲᠠᠢ ᠪᠠᠷ ᠳᠤᠰᠬᠠᠢ ᠰᠡᠳᠦᠪᠳᠤ ᠰᠤᠷᠭᠠᠨ ᠬᠦᠮᠦᠵᠢᠯ ᠦᠷᠨᠢᠭᠦᠯᠤᠨ ᠬᠦᠮᠦᠵᠢᠭᠦᠯᠬᠦ ᠴᠢᠬᠤᠯᠠᠳᠠᠢ᠃ ᠦᠷᠭᠡᠨ ᠤᠯᠠᠨ ᠬᠤᠪᠢ ᠶᠢᠨ ᠡᠵᠡᠩᠨᠡᠯᠳᠡ ᠶᠢᠨ ᠠᠵᠤ ᠠᠬᠤᠢᠢᠯᠠᠯᠳᠠᠨ ᠠᠴᠠ ᠨᠡᠶᠢᠭᠡᠮ ᠤᠨ ᠲᠦᠷᠢ ᠲᠦᠷᠭᠦ ᠪᠠᠨ ᠨᠠᠨᠳᠢᠩᠨᠠᠨ ᠬᠠᠮᠠᠭᠠᠯᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠭᠡᠵᠤ᠂ ᠨᠡᠩ ᠰᠠᠶᠢᠨ ᠢᠶᠠᠷ ᠨᠡᠶᠢᠭᠡᠮ ᠤᠨ ᠠᠴᠢ ᠲᠤᠰᠠ ᠶᠢ ᠬᠠᠷᠢᠭᠤᠯᠤᠨ᠂ ᠠᠷᠠᠳ ᠤᠯᠠᠨ ᠳᠠᠭᠠᠨ ᠪᠤᠶᠠᠨ ᠵᠢᠷᠭᠠᠯ ᠦᠢᠯᠡᠳᠭᠦ ᠬᠡᠷᠡᠭᠳᠠᠢ ᠬᠡᠵᠠᠢ᠃

    ᠯᠢ ᠵᠢᠢ ᠾᠧᠩ᠂ ᠤᠳᠤᠷᠢᠳᠤᠯᠭ᠎ᠠ ᠶᠢᠨ ᠵᠤᠬᠢᠴᠠᠭᠤᠯᠬᠤ ᠳᠤᠭᠳᠠᠴᠠ ᠶᠢ ᠳᠡᠭᠦᠯᠳᠡᠷᠵᠢᠭᠦᠯᠬᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤᠭᠳᠠᠴᠠ ᠶᠢ ᠪᠦᠷᠢᠯᠳᠦᠭᠦᠯᠬᠦ᠂ ᠬᠢᠨᠠᠨ ᠰᠢᠯᠭᠠᠨ ᠵᠤᠷᠢᠭᠵᠢᠭᠤᠯᠬᠤ ᠪᠠ ᠪᠦᠷᠢᠳᠭᠡᠨ ᠰᠢᠯᠭᠠᠨ ᠬᠡᠮᠵᠢᠬᠦ ᠳᠤᠭᠳᠠᠴᠠ ᠶᠢ ᠪᠦᠷᠢᠨᠰᠢᠭᠦᠯᠬᠦ᠂ ᠶᠠᠷᠢᠶ᠎ᠠ ᠬᠡᠯᠡᠯᠴᠡᠭᠡ ᠤᠬᠠᠭᠤᠯᠭ᠎ᠠ ᠶᠢᠨ ᠬᠦᠳᠦᠯᠦᠨ ᠵᠢᠯᠤᠭᠤᠳᠬᠤ ᠳᠤᠭᠳᠠᠴᠠ ᠶᠢ ᠪᠠᠶᠢᠭᠤᠯᠬᠤ᠂ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠳᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠡᠢ᠃ ᠳᠤᠭᠳᠠᠴᠠ ᠶᠢ ᠳᠠᠰᠤᠷᠠᠯᠳᠠ ᠦᠭᠡᠢ ᠳᠡᠭᠦᠯᠳᠡᠷᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠪᠠᠷ ᠳᠠᠮᠵᠢᠨ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠳᠤ ᠬᠦᠴᠤᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠠᠢ ᠬᠡᠵᠡᠢ᠃

    ᠪᠦ᠋ ᠰᠢᠶᠤᠤ ᠯᠢᠨ᠂ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠷᠬᠡᠪᠰᠢ ᠨᠡᠶᠢᠭᠡᠮ ᠵᠢᠷᠤᠮ ᠤᠨ ᠦᠨᠳᠦᠰᠦᠨ ᠡᠳ᠋ ᠤᠨ ᠵᠠᠰᠠᠭ ᠤᠨ ᠲᠦᠷᠢᠮ ᠤᠨ ᠦᠨᠳᠦᠷᠴᠡ ᠳᠤ ᠵᠤᠭᠰᠤᠨ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠦᠨᠳᠦᠷᠴᠡ ᠳᠤ ᠵᠤᠭᠰᠤᠨ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠶᠢ ᠵᠤᠬᠢᠬᠤ ᠪᠠᠶᠢᠷᠢᠨ ᠳᠤ ᠳᠠᠯᠪᠢᠬᠤ ᠬᠡᠷᠡᠭᠳᠡᠢ᠃ 《ᠬᠠᠤᠯᠢ ᠲᠦᠷᠢᠮ ᠤᠨ ᠬᠢᠵᠠᠭᠠᠷᠯᠠᠯ ᠦᠭᠡᠢ ᠪᠦᠬᠦᠨ ᠢ ᠡᠵᠡᠩᠨᠡᠵᠤ ᠪᠤᠯᠬᠤ ᠶᠢ ᠵᠦᠪᠰᠢᠶᠡᠷᠡᠭᠦ᠂ ᠡᠷᠭᠡ ᠳᠡᠭᠰᠢ ᠬᠠᠷᠠᠭᠠᠯᠵᠠᠯ ᠬᠦᠷᠳᠡᠭᠡᠭᠦ》ᠵᠠᠷᠴᠢᠮ ᠢ ᠴᠢᠩᠭ᠎ᠠ ᠨᠠᠶᠢᠳᠠᠪᠦᠷᠢᠵᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠤᠳ ᠢ ᠦᠨᠡᠨᠭᠦ ᠴᠢᠯᠦᠭᠡᠳᠠᠢ ᠲᠦᠷᠭᠡᠳᠭᠡᠨ ᠬᠦᠭᠵᠢᠭᠦᠯᠬᠦ ᠬᠡᠷᠡᠭᠳᠠᠢ᠃《ᠳᠠᠯᠪᠢᠬᠤ ᠬᠠᠮᠢᠶᠠᠷᠬᠤ ᠦᠢᠯᠡᠴᠢᠯᠡᠭᠦ》ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠷᠡᠭᠦᠯᠵᠤ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠢ ᠠᠬᠢᠭᠤᠯᠵᠤ᠂ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠭᠦᠳᠴᠦ᠂《ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ》 ᠶ᠋ᠢ ᠠᠬᠢᠭᠤᠯᠬᠤ ᠶᠢᠨ ᠬᠠᠮᠳᠤ ᠤᠯᠤᠰ ᠤᠨ ᠳᠤᠳᠤᠭᠠᠳᠤ ᠶᠢᠨ ᠳᠡᠷᠢᠭᠦᠨ ᠤ ᠭᠠᠵᠠᠷ ᠤᠷᠤᠨ ᠤ ᠬᠠᠯᠠᠨ ᠰᠠᠶᠢᠵᠢᠷᠠᠭᠤᠯᠤᠭᠰᠠᠨ ᠠᠵᠢᠯ ᠤᠨ ᠪᠠᠷᠢᠮᠵᠢᠶ᠎ᠠ ᠲᠠᠢ ᠪᠦᠬᠦ ᠳᠠᠯ᠎ᠠ ᠪᠠᠷ ᠬᠠᠷᠭᠤᠭᠤᠯᠬᠤ ᠬᠡᠷᠡᠭᠳᠠᠢ᠃ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠢ ᠳᠡᠮᠵᠢᠭᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠭᠦᠭᠵᠢᠯᠳᠡ ᠶᠢ ᠬᠦᠯᠢᠶᠡᠰᠦᠯᠡᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠰᠠᠶᠢᠳᠦᠷ ᠰᠢᠢᠳᠪᠦᠷᠢᠯᠡᠭᠦ ᠬᠡᠷᠡᠭᠳᠠᠢ᠃ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠤᠨ ᠬᠦᠭᠵᠢᠯᠳᠡ ᠳᠤ ᠵᠤᠬᠢᠴᠠᠭᠰᠠᠨ ᠤᠯᠠᠨ ᠡᠰᠢᠴᠢᠯᠡᠭᠰᠡᠨ᠂ ᠤᠯᠠᠨ ᠳᠡᠰ ᠳᠠᠪᠬᠤᠷᠭ᠎ᠠ ᠶᠢᠨ ᠪᠡᠯᠡ ᠬᠤᠷᠠᠮᠳᠤᠭᠤᠯᠬᠤ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠤᠳᠤᠬᠢᠴᠢᠯᠠᠭᠰᠠᠨ ᠠᠵᠤ ᠠᠬᠤᠢᠢᠯᠠᠯ ᠤᠨ ᠲᠦᠷᠢᠮ ᠢ ᠲᠦᠷᠭᠡᠳᠭᠡᠨ ᠪᠠᠶᠢᠭᠤᠯᠬᠤ ᠶᠢ ᠬᠦᠳᠦᠯᠦᠨ ᠵᠢᠯᠤᠭᠤᠳᠬᠤ ᠪᠠ ᠳᠤᠰᠠᠯᠠᠵᠤ᠂ ᠬᠦᠭᠵᠢᠯᠳᠡ ᠶᠢᠨ ᠰᠢᠨ᠎ᠠ ᠤᠢᠢᠯᠠᠭᠠᠭᠳᠠᠬᠤᠨ ᠢ ᠪᠤᠢ ᠪᠤᠯᠭᠠᠨ᠂ ᠬᠦᠭᠵᠢᠯᠳᠡ ᠶᠢᠨ ᠢᠳᠡᠭᠡᠯ ᠢᠶᠠᠨ ᠨᠡᠮᠡᠭᠳᠡᠭᠦᠯᠵᠤ᠂ ᠡᠳ᠋ ᠤᠨ ᠵᠠᠰᠠᠭ ᠤᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠢᠳᠡᠪᠬᠢᠳᠠᠢ ᠪᠠᠷ ᠵᠤᠬᠢᠴᠠᠵᠤ᠂ ᠠᠵᠤ ᠠᠬᠤᠢᠢᠯᠠᠯ ᠤᠨ ᠵᠠᠭᠪᠤᠷ ᠢᠶᠡᠨ ᠦᠬᠡᠷᠡᠴᠢᠯᠡᠨ ᠵᠡᠷᠬᠡᠯᠡᠯ ᠳᠡᠪᠰᠢᠭᠦᠯᠬᠦ ᠶᠢ ᠲᠦᠷᠭᠡᠳᠭᠡᠭᠦ ᠬᠡᠷᠡᠭᠳᠠᠢ᠃ ᠵᠠᠰᠠᠭ ᠤᠨ ᠶᠠᠪᠤᠳᠠᠯ ᠤᠨ ᠤᠷᠴᠢᠨ ᠢᠶᠠᠨ ᠬᠦᠴᠦᠯᠡᠨ ᠰᠢᠯᠢᠳᠡᠭᠵᠢᠭᠦᠯᠵᠤ᠂ ᠳᠤᠰᠢᠶᠠᠯ ᠡᠷᠭᠡ ᠶᠢ ᠬᠠᠤᠯᠢ ᠪᠠᠷ ᠳᠤᠭᠳᠠᠭᠠᠬᠤ ᠤᠬᠠᠮᠰᠠᠷ ᠢ ᠪᠠᠳᠤ ᠱᠤᠭᠤᠵᠤ᠂ ᠬᠠᠤᠯᠢ ᠶᠤᠰᠤᠭᠠᠷ ᠠᠯᠪᠠᠨ ᠪᠠᠶᠢᠭᠤᠯᠤᠯᠭ᠎ᠠ ᠶᠢᠨ ᠡᠷᠭᠡ ᠪᠠᠨ ᠬᠡᠷᠡᠭᠵᠢᠭᠦᠯᠵᠤ᠂ ᠬᠡᠪ ᠰᠤᠷᠳᠠᠯ ᠢᠶᠠᠨ ᠴᠢᠨᠠᠭᠰᠢᠳᠠ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠳᠠ ᠪᠠᠨ ᠴᠢᠩᠭᠠᠳᠬᠠᠬᠤ ᠬᠡᠷᠡᠭᠳᠠᠢ᠃ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠨᠡᠨ ᠰᠡᠳᠬᠢᠯ ᠠᠴᠠ ᠪᠠᠨ ᠬᠦᠳᠡᠯᠦᠩᠭᠦᠢ ᠪᠠᠷ ᠠᠵᠤ ᠠᠬᠤᠢᠢᠯᠠᠯ ᠳᠤ ᠦᠢᠯᠡᠴᠢᠯᠡᠨ᠂ ᠠᠵᠤ ᠠᠬᠤᠢᠢᠯᠠᠯ ᠤᠨ ᠬᠦᠴᠢᠷᠳᠠᠯ ᠬᠢᠭᠡᠳ ᠠᠰᠠᠭᠤᠳᠠᠯ ᠢᠶᠠᠨ ᠰᠢᠢᠳᠪᠦᠷᠢᠯᠡᠭᠦ ᠳᠤ ᠢᠳᠡᠪᠬᠢᠳᠠᠢ ᠪᠠᠷ ᠳᠤᠰᠠᠯᠠᠵᠤ᠂ ᠰᠢᠨ᠎ᠠ ᠬᠡᠯᠪᠡᠷᠢ ᠶᠢᠨ ᠵᠠᠰᠠᠭ ᠤᠨ ᠤᠷᠳᠤᠨ ᠬᠢᠭᠡᠳ ᠠᠷᠠᠯᠵᠢᠶᠡᠨ ᠤ ᠬᠠᠷᠢᠴᠠᠭ᠎ᠠ ᠶᠢ ᠪᠠᠶᠢᠭᠤᠯᠬᠤ ᠬᠡᠷᠡᠭᠳᠠᠢ᠃《ᠲᠦᠷᠪᠠᠨ ᠤᠬᠠᠮᠰᠠᠷ》ᠢᠯᠠᠩᠭᠤᠶ᠎ᠠ ᠭᠤᠤᠯᠯᠠᠬᠤ ᠤᠬᠠᠮᠰᠡᠷ᠂ ᠨᠢᠭᠡᠳᠤᠯᠳᠠᠢ ᠪᠠᠶᠢᠬᠤ ᠤᠬᠠᠮᠰᠡᠷ ᠢᠶᠠᠨ ᠴᠢᠩᠭᠠᠤᠨᠬᠠᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ᠂ ᠦᠨᠡᠨ ᠪᠤᠳᠠᠳᠠᠢ ᠠᠵᠢᠯᠯᠠᠵᠤ᠂ ᠤᠷᠤᠨ ᠲᠠᠶᠠᠭᠠᠷ ᠤᠨ ᠨᠡᠶᠢᠳᠡ ᠶᠢᠨ ᠦᠮᠴᠢᠯᠡᠯ ᠤᠨ ᠪᠤᠰᠤ ᠡᠳ᠋ ᠤᠨ ᠵᠠᠰᠠᠭ ᠢ ᠰᠢᠨ᠎ᠠ ᠪᠠᠷ ᠨᠡᠩ ᠶᠡᠭᠡᠪᠡᠷ ᠬᠦᠭᠵᠢᠭᠦᠯᠬᠦ ᠶᠢ ᠴᠢᠷᠮᠠᠶᠢᠨ ᠠᠬᠢᠭᠤᠯᠬᠤ ᠬᠡᠷᠡᠭᠳᠠᠢ ᠬᠡᠵᠡᠢ᠃

    ᠬᠤᠷᠠᠯ ᠨᠢ ᠸᠢᠳᠢᠣ᠋ ᠬᠤᠷᠡᠯ ᠤᠨ ᠬᠡᠯᠪᠡᠷᠢ ᠪᠠᠷ ᠶᠠᠪᠤᠭᠳᠠᠪᠡ᠃ ᠬᠤᠷᠠᠯ ᠳᠡᠭᠡᠷ᠎ᠠ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ᠂ ᠤᠷᠳᠤᠰ ᠬᠤᠳᠠ ᠶᠢᠨ ᠨᠠᠮ ᠤᠨ ᠬᠤᠷᠢᠶ᠎ᠠ᠂ ᠬᠠᠶᠢᠷᠤᠪ ᠤᠨ ᠳᠤᠬᠤᠢ ᠶᠢᠨ ᠳᠤᠭᠤᠷᠢᠭ ᠤᠨ ᠨᠠᠮ ᠤᠨ ᠬᠤᠷᠢᠶ᠎ᠠ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ᠂ ᠢᠯᠢ ᠪᠦᠯᠦᠭᠯᠡᠯ᠂ ᠪᠤᠤ ᠱᠠᠩ ᠪᠠᠩᠬᠢ ᠶᠢᠨ ᠬᠠᠷᠢᠭᠤᠴᠠᠯᠭᠠᠳᠠᠨ ᠳᠤᠷᠰᠢᠯᠭ᠎ᠠ ᠪᠠᠨ ᠰᠤᠯᠢᠯᠴᠠᠵᠠᠢ᠃ ᠡᠯ᠎ᠠ ᠠᠶᠢᠮᠠᠭ ᠬᠤᠳᠠ ᠶᠢᠨ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ᠂ ᠵᠠᠰᠠᠭ ᠤᠨ ᠤᠷᠳᠤᠨ ᠤ ᠬᠤᠪᠢᠳᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ᠂ ᠡᠳ᠋ ᠤᠨ ᠵᠠᠰᠠᠭ ᠮᠡᠳᠡᠭᠡ ᠵᠠᠩᠬᠢᠵᠢᠯᠳᠠ ᠶᠢᠨ ᠵᠦᠪᠯᠡᠯ ᠤᠨ ᠡᠷᠬᠢᠯᠡᠭᠴᠢ᠂ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠳᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ ᠡᠯ᠎ᠠ ᠪᠠᠶᠢᠭᠤᠯᠤᠯᠭ᠎ᠠ ᠨᠢᠭᠡᠴᠡ᠂ ᠬᠦᠬᠡᠬᠤᠳᠠ ᠳᠤ ᠰᠠᠭᠤᠭ᠎ᠠ ᠲᠦᠪ ᠤᠨ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠭᠤᠤᠯ ᠪᠤᠯᠬᠤ ᠬᠠᠷᠢᠭᠤᠴᠠᠯᠭᠠᠳᠠᠨ᠂ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠰᠢᠭᠤᠳ ᠬᠠᠷᠢᠶ᠎ᠠ ᠬᠤᠳᠠᠯᠳᠤᠭᠠᠨ ᠤ ᠨᠡᠶᠢᠭᠡᠮᠯᠢᠭ ᠤᠨ ᠳᠠᠷᠤᠭ᠎ᠠ᠂ ᠤᠷᠤᠨ ᠲᠠᠶᠠᠭᠠᠷ ᠤᠨ 100 ᠬᠦᠴᠦᠷᠭᠡᠭ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠡᠯ ᠤᠨ ᠬᠠᠤᠯᠢ ᠶᠢᠨ ᠡᠷᠭᠡᠳᠡᠨ ᠭᠤᠤᠯ ᠬᠤᠷᠠᠯ ᠤᠨ ᠳᠠᠯᠠᠪᠠᠢ ᠶᠢᠨ ᠬᠤᠷᠠᠯ ᠳᠤ ᠤᠷᠤᠯᠴᠠᠪᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120159840